ᠰᠦᠬᠡ ᠬᠢᠩᠭᠠᠨ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠯᠳᠠ ᠶᠢᠨ ᠲᠣᠭᠤᠷᠢᠭ ᠲᠤ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2024/12/19
     12 ᠰᠠᠷ᠎ᠠ ᠶᠢᠨ 11 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠬᠢᠩᠭᠠᠨ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠯᠳᠠ ᠶᠢᠨ ᠲᠣᠭᠤᠷᠢᠭ ᠲᠤ ᠰᠢᠨᠵᠢᠯᠡᠨ ᠪᠠᠶᠢᠴᠠᠭᠠᠯᠳᠠ ᠬᠢᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠠᠵᠦ ᠠᠬᠤᠢ ᠮᠡᠷᠭᠡᠵᠢᠯ ᠤᠨ ᠨᠡᠭᠡᠭᠡᠯᠳᠠ ᠶᠢᠨ ᠲᠣᠭᠤᠷᠢᠭ ᠤᠨ 2024 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ 2025 ᠣᠨ ᠤ ᠭᠤᠣᠯᠳᠠᠯᠭ᠎ᠠ ᠲᠠᠢ ᠠᠵᠢᠯ ᠢ ᠲᠥᠯᠥᠪᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃     ᠰᠦᠬᠡ ᠬᠡᠯᠡᠭᠰᠡᠨ ᠨᠢ᠂ ᠵᠢᠯ ᠤᠨ ᠡᠬᠢᠨ ᠠᠴᠠ ᠨᠠᠭᠠᠰᠢ ᠠᠵᠦ ᠠᠬᠤᠢ ᠮᠡᠷᠭᠡᠵᠢᠯ ᠤᠨ ᠨᠡᠭᠡᠭᠡᠯᠳᠠ ᠶᠢᠨ ᠳᠤᠭᠤᠷᠢᠭ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠠᠯᠠ ᠮᠦᠡᠭᠭᠦ ᠤᠷᠤᠭᠤᠯᠤᠨ ᠠᠪᠴᠢᠷᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠠ ᠬᠤᠤᠰ ᠴᠢᠭᠯᠡᠯ ᠢᠶᠠᠷ ᠬᠦᠴᠦᠯᠡᠬᠦ ᠶᠢ ᠴᠢᠩᠭᠠᠳᠬᠠᠭᠰᠠᠨ ᠢᠶᠠᠷ ᠡᠯ᠎ᠡ ᠲᠥᠷᠥᠯ ᠤᠨ ᠠᠵᠢᠯ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠢᠷᠡᠬᠦ ᠵᠢᠯ ᠤᠨ ᠠᠵᠢᠯ ᠢ ᠤᠷᠢᠳᠴᠢᠯᠠᠨ ᠠᠳᠬᠤᠵᠤ ᠡᠷᠲᠡ ᠠᠴᠠ ᠲᠥᠯᠥᠪᠵᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠵᠢᠭᠠᠯᠳᠠ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠥ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠦ ᠠᠬᠤᠢ ᠮᠡᠷᠭᠡᠵᠢᠯ ᠤᠨ ᠨᠡᠭᠡᠭᠡᠯᠳᠠ ᠶᠢᠨ ᠲᠣᠭᠤᠷᠢᠭ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠢᠶᠠᠷᠤᠯᠲᠠ ᠡᠵᠡᠩᠨᠡᠯᠲᠡ ᠪᠣᠯᠤᠨ ᠠᠵᠤ ᠠᠬᠤᠶᠢᠯᠠᠯ ᠳᠤ ᠦᠢᠯᠡᠴᠢᠯᠡᠬᠦ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠠᠵᠦ ᠠᠬᠤᠢ ᠮᠡᠷᠭᠡᠵᠢᠯ ᠤᠨ ᠨᠡᠭᠡᠭᠡᠯᠳᠠ ᠶᠢᠨ ᠲᠣᠭᠤᠷᠢᠭ ᠢ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠭᠤᠣᠯ ᠵᠢᠭᠰᠠᠭᠠᠯ ᠤᠨ ᠭᠠᠵᠠᠷ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠬᠦᠴᠦᠨ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃    ︵ᠪᠤᠤ ᠵᠢᠶᠠᠨ ᠬᠤᠸᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号