| | ᠣᠶᠢᠷ᠎ᠠ ᠶᠢᠨ ᠵᠢᠯ ᠳᠤ᠂ ᠤᠯᠠᠭᠠᠨᠬᠤᠲᠠ ᠥᠪᠡᠷᠮᠢᠴᠡ ᠪᠠᠶᠢᠭᠠᠯᠢ ᠶᠢᠨ ᠨᠥᠬᠦᠴᠡᠯ ᠪᠠ ᠣᠷᠣᠨ ᠪᠠᠶᠢᠷᠢ ᠶᠢᠨ | ᠳᠠᠪᠠᠭᠤᠯᠢᠭ ᠲᠠᠭᠠᠨ ᠲᠦᠰᠢᠭᠯᠡᠨ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠪᠠᠷ | ᠳᠠᠮᠵᠢᠭᠤᠯᠤᠨ᠂ ᠣᠯᠠᠨ ᠲᠦᠮᠡᠨ ᠢ ᠢᠳᠡᠪᠬᠢᠲᠡᠶ ᠵᠢᠯᠣᠭᠤᠳᠴᠤ ᠪᠠᠶᠢᠭᠠᠳ ᠵᠢᠮᠢᠰ ᠢᠳᠡᠰᠢᠨ ᠨᠣᠭᠤᠭ᠎ᠠ | ᠳᠠᠷᠢᠬᠤ ᠪᠠᠷ ᠭᠤᠤᠯ ᠪᠣᠯᠭᠠᠭᠰᠠᠨ ᠲᠦᠬᠦᠭᠡᠷᠤᠮᠵᠢᠳᠤ ᠲᠠᠷᠢᠶᠠᠯᠠᠩ ᠢ ᠬᠥᠭᠵᠢᠭᠦᠯᠪᠡ᠃ ᠣᠳᠣᠬᠠᠨ ᠳᠤ᠂ ᠪᠥᠬᠦ | ᠬᠤᠲᠠ ᠶᠢᠨ ᠲᠦᠬᠦᠭᠡᠷᠤᠮᠵᠢᠳᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ | ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ | | | | | | | ᠢᠯᠠᠯᠲᠠ ᠪᠠᠯᠭᠠᠰᠤᠨ ᠤ ᠴᠠᠭᠠᠨ ᠭᠠᠴᠠᠭ᠎ᠠ ᠳᠤ᠂ ᠲᠠᠷᠢᠮᠠᠯ ᠤᠨ ᠡᠷᠦᠬᠡ ᠸᠠᠩ ᠶᠦᠩ ᠴᠧᠩ ᠬᠦᠯᠡᠮᠵᠢ ᠳᠡᠭᠡᠨ | ᠭᠦᠵᠡᠯᠵᠡᠭᠡᠨ᠎ᠡ ᠶᠢᠨ ᠴᠢᠬᠢ ᠶᠢᠨ ᠤᠷᠭᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠵᠤ ᠪᠠᠶᠢᠯ᠎ᠠ᠃ ᠡᠪᠦᠯ ᠤᠨ | ᠤᠯᠠᠷᠢᠯ ᠬᠦᠷᠴᠦ ᠢᠷᠡᠬᠦ ᠶᠢ ᠳᠠᠭᠠᠯᠳᠤᠨ᠂ ᠭᠦᠵᠡᠯᠵᠡᠭᠡᠨ᠎ᠡ ᠳᠠᠷᠢᠬᠤ ᠵᠠᠩᠭᠢᠯᠠᠭ᠎ᠠ ᠶᠢᠨ ᠬᠠᠮᠢᠶᠠᠷᠴᠤ ᠬᠠᠮᠠᠭᠠᠯᠠᠬᠤ | ᠬᠤᠭᠤᠴᠠᠭᠠᠨ ᠳᠤ ᠣᠷᠣᠵᠤ᠂ ᠸᠠᠩ ᠶᠦᠩ ᠴᠧᠩ ᠡᠨᠡᠬᠦ ᠴᠠᠭ ᠬᠤᠭᠤᠴᠠᠭ᠎ᠠ ᠶᠢ ᠠᠮᠵᠢᠨ᠂ ᠭᠦᠵᠡᠯᠵᠡᠭᠡᠨ᠎ᠡ ᠶᠢ | ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠲᠠᠷᠢᠮᠠᠯ ᠤᠨ ᠭᠤᠭᠴᠤᠭ᠎ᠠ ᠳᠤ ᠰᠢᠨᠵᠢᠯᠡᠬᠦ ᠤᠬᠠᠭᠠᠨᠴᠢ ᠪᠠᠷ | ᠬᠠᠮᠢᠶᠠᠷᠴᠤ᠂ ᠪᠣᠭᠤᠮᠲᠠ ᠶᠢ ᠴᠢᠩᠭ᠎ᠠ ᠠᠳᠬᠤᠵᠤ᠂ ᠭᠦᠵᠡᠯᠵᠡᠭᠡᠨ᠎ᠡ ᠶᠢᠨ ᠡᠯᠪᠡᠭ ᠬᠤᠷᠢᠶᠠᠯᠲᠠ ᠤᠯᠬᠤ ᠳᠤ ᠰᠠᠭᠤᠷᠢ | ᠲᠠᠯᠪᠢᠵᠤ ᠦᠭᠴᠠᠢ᠃ | | | | | | | ︽ᠣᠳᠣᠬᠠᠨ ᠳᠤ ᠭᠦᠵᠡᠯᠵᠡᠭᠡᠨ᠎ᠠ ᠶᠢᠨ ᠤᠨᠠᠯᠲᠠ 3000 ᠵᠢᠩ ᠣᠷᠴᠢᠮ ᠳᠤ ᠬᠦᠷᠴᠦ᠂ ᠭᠤᠤᠯᠳᠠᠭᠤ | ᠬᠤᠲᠠ ᠶᠢᠨ ᠡᠯ᠎ᠡ ᠲᠣᠮᠣ ᠴᠢᠯᠦᠭᠡᠳᠤ ᠳᠡᠯᠭᠡᠭᠦᠷ ᠲᠤ ᠬᠠᠩᠭᠠᠵᠤ᠂ ᠨᠢᠭᠡ ᠵᠢᠯ ᠤᠨ ᠣᠷᠣᠯᠭ᠎ᠠ ᠲᠠᠪᠤ ᠵᠢᠷᠭᠤᠭᠠᠨ | ᠲᠦᠮᠡᠨ ᠲᠥᠭᠦᠷᠢᠭ ᠲᠤ ᠬᠦᠷᠴᠦ᠂ ᠦᠷ᠎ᠡ ᠠᠰᠢᠭ ᠮᠠᠰᠢ ᠰᠠᠶᠢᠨ ᠪᠠᠶᠢᠨ᠎ᠠ︾ ᠭᠡᠵᠤ ᠸᠠᠩ ᠶᠦᠩ ᠴᠧᠩ ᠬᠡᠯᠡᠪᠡ᠃ | | | | | | | ᠣᠳᠣᠬᠠᠨ ᠪᠣᠯᠲᠠᠯ᠎ᠠ᠂ ᠤᠯᠠᠭᠠᠨᠬᠤᠲᠠ ᠳᠤ ᠨᠡᠶᠢᠲᠡ 2898 ᠬᠦᠯᠡᠮᠵᠢ ᠲᠠᠢ ᠪᠠᠶᠢᠵᠤ᠂ ᠵᠢᠯ ᠪᠦᠷᠢ ᠡᠯ᠎ᠡ | ᠲᠥᠷᠥᠯ ᠤᠨ ᠰᠢᠨ᠎ᠡ ᠰᠣᠷᠭᠤᠭ ᠵᠢᠮᠢᠰ ᠨᠣᠭᠤᠭ᠎ᠠ ᠶᠢ 1 ᠲᠦᠮᠡᠨ ᠲᠣᠨ ᠣᠷᠴᠢᠮ ᠦᠢᠯᠡᠳᠪᠦᠷᠢᠯᠡᠵᠦ᠂ ᠵᠢᠯ ᠤᠨ | ᠦᠢᠯᠡᠳᠬᠦᠨ ᠤ ᠥᠷᠲᠡᠭ ᠨᠢ 5000 ᠲᠦᠮᠡᠨ ᠲᠥᠭᠦᠷᠢᠭ ᠲᠤ ᠬᠦᠷᠴᠤ ᠪᠤᠢ᠃ |