ᠪᠡᠭᠡᠵᠢᠩ ᠶᠡᠭᠡ ᠰᠤᠷᠭᠠᠭᠤᠯᠢ ᠶᠢᠨ ᠰᠣᠶᠣᠯ ᠤᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠰᠢᠶᠠᠩ ᠶᠦᠩ ᠬᠢᠩᠭᠠᠨ ᠤ ᠰᠢᠨ᠎ᠠ ᠶᠢ ᠡᠬᠦᠳᠬᠦ · ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠢᠶᠠᠷ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠤᠭᠰᠠᠨ ᠲᠤᠬᠠᠢ ​ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/19
    12 ᠰᠠᠷ᠎ᠠ ᠶᠢᠨ 16 ᠤ ᠡᠳᠦᠷ᠂ ᠪᠡᠭᠡᠵᠢᠩ ᠶᠡᠭᠡ ᠰᠤᠷᠭᠠᠭᠤᠯᠢ ᠶᠢᠨ ᠰᠣᠶᠣᠯ ᠤᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠪᠡᠭᠡᠵᠢᠩ ᠶᠡᠭᠡ ᠰᠤᠷᠭᠠᠭᠤᠯᠢ ᠶᠢᠨ ᠤᠷᠠᠯᠢᠭ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ᠂ ᠪᠡᠭᠡᠵᠢᠩ ᠶᠡᠭᠡ ᠰᠤᠷᠭᠠᠭᠤᠯᠢ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠲᠡᠷᠢᠭᠦᠨ ᠤ ᠲᠤᠰᠬᠠᠶ ᠮᠡᠷᠭᠡᠵᠢᠯᠲᠡᠨ ᠰᠢᠶᠠᠩ ᠶᠦᠩ ᠠᠴᠠ ᠬᠢᠩᠭᠠᠨ ᠤ  ᠰᠢᠨ᠎ᠡ ᠶᠢ ᠡᠭᠦᠳᠬᠦ · ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠢᠶᠠᠷ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠮᠢᠩ ᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠤᠳᠤᠯᠵᠠᠢ᠃
22.jpg
    ᠰᠢᠶᠠᠩ ᠶᠦᠩ ᠲᠠᠶᠢᠯᠪᠤᠷᠢᠯᠠᠭᠴᠢ ᠶᠢ ᠲᠠᠭᠠᠨ ︽ᠬᠢᠩᠭᠠᠨ ᠵᠦᠴᠤᠭᠡ ᠶᠢᠨ ᠲᠠᠯᠠᠪᠠᠢ︾᠂ ︽ᠬᠢᠩᠭᠠᠨ ᠰᠢᠩ ᠪᠠᠩ︾᠂ ︽ᠲᠠᠩᠰᠤᠭ ᠰᠠᠶᠢᠬᠠᠨ ᠬᠢᠩᠭᠠᠨ︾ ᠭᠡᠬᠦ ᠭᠤᠷᠪᠠᠨ ᠭᠤᠣᠯ ᠰᠡᠳᠦᠪᠲᠦ ᠣᠷᠣᠨ ᠵᠠᠢ ᠶᠢ ᠲᠣᠭᠤᠷᠢᠨ ᠦᠵᠡᠵᠦ᠂ ᠬᠤᠪᠢᠰᠬᠠᠯᠳᠤ ᠰᠣᠶᠣᠯ᠂ ᠲᠠᠷᠢᠶᠠᠯᠠᠬᠤ ᠰᠣᠶᠣᠯ᠂ ᠲᠠᠯ᠎ᠠ ᠨᠤᠲᠤᠭ ᠤᠨ ᠰᠣᠶᠣᠯ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ᠂ ᠮᠥᠩᠭᠦᠨ ᠡᠳ᠋ᠯᠡᠯ ᠦᠢᠯᠡᠳᠬᠦ᠂ ᠦᠨᠳᠦᠰᠦᠲᠡᠨ ᠤ ᠬᠥᠭᠵᠢᠮ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠢ ᠭᠦᠨᠵᠡᠭᠡᠢ ᠣᠶᠢᠯᠠᠭᠠᠵᠤ᠂  ᠤᠮᠠᠷᠠᠲᠤ ᠬᠢᠯᠢ ᠶᠢᠨ ᠰᠣᠶᠣᠯ ᠤᠨ ᠭᠦᠨ ᠵᠤᠵᠠᠭᠠᠨ ᠠᠭᠤᠯᠬᠤᠨ ᠢ ᠣᠶᠢᠯᠠᠭᠠᠪᠠ᠃
11.jpg
    ᠬᠤᠶᠠᠳᠤᠭᠠᠷ ᠳᠠᠪᠬᠤᠷᠯᠢᠭ ᠤᠨ ᠰᠣᠶᠣᠯ ᠵᠢᠭᠤᠯᠴᠢᠯᠠᠯ ᠤᠨ ᠤᠯᠠᠭᠠᠨᠬᠤᠲᠠ ᠶᠢᠨ ᠴᠤᠭᠯᠠᠭᠠᠨ ᠤ ᠲᠠᠩᠬᠢᠮ ᠳᠤ᠂ ᠬᠢᠩᠭᠠᠨ ᠤ ᠰᠢᠨ᠎ᠡ ᠶᠢ ᠡᠭᠦᠳᠬᠦ · ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠤᠨ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠯᠲᠠ ᠪᠣᠯᠤᠨ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠭᠦᠢᠴᠡᠳ ᠨᠤᠲᠠᠯᠠᠬᠤ ᠶᠢᠨ ᠬᠠᠮᠲᠤ ᠲᠣᠭᠤᠷᠢᠨ ᠦᠵᠡᠵᠦ ᠪᠠᠶᠢᠴᠠᠭᠠᠨ ᠰᠤᠳᠤᠯᠤᠭᠴᠢᠳ ᠲᠠᠢ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠬᠠᠮᠠᠭᠠᠯᠠᠨ ᠤᠯᠠᠮᠵᠢᠯᠠᠬᠤ᠂ ᠰᠣᠶᠣᠯ ᠤᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠢᠷᠡᠭᠡᠳᠦᠢ ᠶᠢᠨ ᠬᠥᠭᠵᠢᠯᠲᠡ ᠳᠤ ᠡᠷᠬᠢᠮ ᠨᠠᠨᠳᠢᠨ ᠰᠠᠨᠠᠯ ᠳᠤᠷᠠᠳᠬᠤ ᠶᠢᠨ ᠬᠠᠮᠲᠤ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠵᠠᠢ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号