ᠤᠯᠠᠭᠠᠨᠬᠤᠳᠠ ᠶᠢᠨ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠤᠨ ᠡᠪᠤᠯ ᠤᠨ ᠤᠯᠠᠷᠢᠯ ᠤᠨ ᠠᠵᠤ ᠠᠬᠤᠢ ᠬᠦᠭᠵᠢᠶᠡᠨᠳᠠᠢ ᠪᠠᠶᠢᠭ᠎ᠠ ᠲᠤᠬᠠᠢ ​ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/19
     ᠡᠪᠤᠯ ᠤᠨ ᠤᠯᠠᠷᠢᠯ ᠤᠷᠤᠭᠰᠠᠨ ᠠᠴᠠ ᠨᠠᠭᠠᠰᠢ᠂ ᠤᠯᠠᠭᠠᠨᠬᠤᠳᠠ ᠶᠢᠨ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠤᠨ ᠠᠷᠠᠳ ᠬᠦᠯᠡᠮᠵᠢ ᠳᠡᠭᠡᠨ ᠢᠳᠡᠰᠢᠨ ᠨᠤᠭᠤᠭ᠎ᠠ ᠲᠠᠷᠢᠬᠤ᠂ ᠮᠠᠯ ᠤᠨᠤᠭ᠎ᠠ ᠲᠡᠵᠢᠭᠡᠬᠦ᠂ ᠭᠡᠷ ᠪᠦᠯᠢ ᠶᠢᠨ ᠦᠢᠯᠡᠳᠭᠡᠯ ᠡᠷᠬᠢᠯᠡᠬᠦ ᠵᠡᠷᠭᠡ ᠡᠯ᠎ᠠ ᠲᠦᠷᠤᠯ ᠤᠨ ᠲᠠᠷᠢᠵᠤ ᠲᠡᠵᠢᠭᠡᠬᠦ ᠠᠵᠢᠯ ᠳᠤ ᠶᠠᠭᠠᠷᠠᠵᠤ᠂ ︽ᠡᠪᠤᠯ ᠤᠨ ᠤᠯᠠᠷᠢᠯ ᠤᠨ ᠰᠡᠯᠡᠬᠦᠥ ᠴᠠᠭ ᠤᠨ ᠠᠵᠤ ᠠᠬᠤᠢ︾ ᠬᠦᠭᠵᠢᠶᠡᠨᠳᠠᠢ ᠪᠤᠯᠤᠯ᠎ᠠ᠃     ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠤᠨ ᠵᠠᠮ ᠢ ᠲᠠᠭᠠᠭᠰᠠᠨ ︽ᠨᠡᠬᠦᠳᠡᠯ ᠡᠳ᠋ ᠪᠠᠷᠠᠭ᠎ᠠ ᠪᠤᠷᠤᠯᠠᠭᠤᠯᠬᠤ ᠲᠡᠷᠭᠡ︾ ᠳᠠᠬᠢ ᠭᠡᠷ ᠪᠦᠯᠢ ᠶᠢᠨ ᠦᠢᠯᠡᠳᠭᠡᠯ ᠡ᠊ᠨᠡ ᠬᠡᠳᠤᠨ ᠡᠳᠤᠷ ᠶᠠᠭᠠᠷᠠᠯᠳᠠᠢ ᠪᠤᠯᠵᠤ᠂ ᠡᠬᠦᠨ ᠳᠤ᠂ ︽ᠰᠢᠥᠢ ᠨᠠᠰᠤᠳᠠᠨ ᠤ ᠬᠠᠳᠠᠭᠠᠭᠰᠠᠨ ᠳ᠋ᠸᠤᠹᠦ᠋ ᠶᠢᠨ ᠦᠢᠯᠡᠳᠭᠡᠯ︾ ᠤᠯᠠᠨ ᠤ ᠬᠦᠷᠢᠶᠡᠯᠡᠯ ᠢ ᠤᠯᠤᠨ᠎ᠠ᠃ ᠶᠠ ᠨᠠᠨ ᠪᠤᠯ ᠰᠢᠨ ᠮᠢᠨ ᠲᠤᠰᠬᠤᠨ ᠤ ᠨᠢᠭᠡᠨ ᠡᠬᠡᠯ ᠵᠢᠷ ᠤᠨ ᠲᠠᠷᠢᠶᠠᠴᠢᠨ ᠪᠤᠯᠤᠨ᠎ᠠ᠃ ᠤᠶᠢᠷ᠎ᠠ ᠶᠢᠨ ᠬᠡᠳᠤᠨ ᠵᠢᠯ ᠲᠠᠷᠠ ᠡᠪᠤᠯ ᠤᠨ ᠤᠯᠠᠷᠢᠯ ᠳᠤ ᠳ᠋ᠸᠤᠹᠦ᠋ ᠪᠤᠷᠤᠯᠠᠭᠤᠯᠬᠤ ᠠᠷᠠᠯᠵᠢᠶ᠎ᠠ ᠬᠢᠬᠡᠳ ᠰᠠᠨᠠᠭᠠᠨ ᠠᠴᠠ ᠭᠠᠳᠠᠭᠤᠷ ᠤᠷᠤᠯᠭ᠎ᠠ ᠲᠠᠢ ᠪᠤᠯᠵᠦ᠂ ᠡᠪᠤᠯ ᠤᠨ ᠤᠯᠠᠷᠢᠯ ᠪᠤᠯᠬᠤ ᠲᠠᠢ ᠵᠡᠷᠬᠡ ᠲᠡᠷᠠ ᠡᠬᠢᠯᠡᠭᠡᠳ ᠶᠠᠭᠠᠷᠠᠯᠳᠠᠢ ᠪᠤᠯᠤᠨ᠎ᠠ᠃ ᠲᠡᠷᠠ ᠡᠳᠤᠷ ᠲᠤ ᠨᠦᠢᠳᠠᠨ ᠳ᠋ᠸᠤᠹᠦ᠋ 6 ᠳᠠᠪᠠᠬ᠂ ᠬᠦᠯᠳᠡᠭᠡᠭᠰᠡᠨ ᠳ᠋ᠸᠤᠹᠦ᠋ 3 ᠳᠠᠪᠠᠬ ᠵᠤᠬᠢᠶᠠᠵᠤ᠂ ᠰᠤᠯᠠ ᠪᠠᠷ ᠬᠤᠳᠠᠯᠳᠤᠬᠤ ᠠᠴᠠ ᠭᠠᠳᠠᠨ᠎ᠠ ᠬᠤᠭᠤᠯᠠᠨ ᠭᠡᠷ ᠲᠤ ᠬᠦᠷᠭᠡᠨ ᠦᠭᠴᠤ᠂ ᠠᠷᠠᠯᠵᠢᠶ᠎ᠠ ᠪᠠᠨ ᠬᠦᠭᠵᠢᠶᠠᠨᠳᠠᠢ ᠡᠷᠬᠢᠯᠡᠵᠤ ᠪᠠᠶᠢᠨ᠎ᠠ᠃     ᠶᠠ ᠨᠠᠨ ᠨᠢᠬᠡ ᠲᠠᠯ᠎ᠠ ᠪᠠᠷ ᠳ᠋ᠸᠤᠹᠦ᠋ ᠬᠤᠳᠠᠯᠳᠤᠬᠤ ᠲᠡᠯᠬᠡᠬᠦᠷ ᠨᠡᠬᠡᠬᠡᠵᠦ᠂ ᠨᠦᠬᠦᠭᠡ ᠲᠠᠯ᠎ᠠ ᠪᠠᠷ ᠳ᠋ᠸᠤᠹᠦ᠋ ᠬᠢᠬᠦ ᠳᠡᠭᠡᠨ ᠤᠬᠢ ᠰᠢᠯᠢᠳᠡᠭ ᠮᠠᠲ᠋ᠧᠷᠢᠶᠠᠯ ᠬᠡᠷᠡᠭᠯᠡᠬᠦ ᠠᠴᠠ ᠭᠠᠳᠠᠨ᠎ᠠ ᠤᠯᠠᠮᠵᠢᠯᠠᠯᠳᠤ ᠤᠷᠠᠯᠠᠯ ᠢᠶᠠᠷ ᠳ᠋ᠸᠤᠹᠦ᠋ ᠵᠤᠬᠢᠶᠠᠬᠤ ᠶᠢ ᠪᠠᠷᠢᠮᠳᠠᠯᠠᠭᠰᠠᠭᠠᠷ ᠢᠷᠡᠵᠠᠢ᠃ ᠡᠳᠡᠭᠡᠷ ᠵᠢᠯ᠂ ᠲᠡᠷᠡ ᠡᠷ᠎ᠠ ᠡᠮ᠎ᠠ ᠬᠤᠶᠠᠭᠤᠯᠠ ᠪᠠᠨ ᠡᠳᠤᠷ ᠪᠦᠷᠢ ᠡᠷᠳᠠ ᠶᠢᠨ 2 ᠴᠠᠭ ᠭᠠᠷᠤᠢ ᠳᠤ ᠪᠤᠰᠴᠤ ᠠᠵᠢᠯᠯᠠᠨ᠂ ᠤᠯᠠᠮᠵᠢᠯᠠᠯᠳᠤ ᠭᠠᠷ ᠤᠷᠠᠯᠠᠯ ᠢᠶᠠᠷ ᠬᠢᠬᠦ ᠶᠢ ᠪᠠᠷᠢᠮᠳᠠᠯᠠᠵᠤ᠂ ᠦᠷᠭᠡᠨ ᠤᠯᠠᠨ ᠬᠡᠷᠡᠭᠯᠡᠭᠴᠢᠳ ᠤᠨ ᠬᠦᠷᠢᠶᠡᠯᠡᠯ ᠢ ᠤᠯᠵᠤ ᠪᠤᠢ᠃
斯力很.jpg
                                                   ᠰᠡᠷᠬᠡᠨ ᠰᠡᠬᠦᠳᠡᠷᠯᠡᠨ ᠮᠡᠳᠡᠭᠡᠯᠡᠪᠡ     ︽ᠤᠤᠯ ᠳᠠᠭᠠᠨ ᠳ᠋ᠸᠤᠹᠦ᠋ ᠬᠤᠳᠠᠯᠳᠤᠬᠤ ᠳᠤ ᠴᠠᠬᠢᠯᠭᠠᠨ ᠲᠤᠭᠤᠢ ᠲᠡᠷᠭᠡ ᠤᠨᠤᠵᠤ᠂ ᠡᠳᠤᠷ ᠲᠤ 1 — 2 ᠳᠠᠪᠠᠬ ᠳ᠋ᠸᠤᠹᠦ᠋ ᠬᠤᠳᠠᠯᠳᠤᠵᠤ ᠲᠡᠶᠢᠯᠤᠨ᠎ᠠ᠃ ᠤᠳᠤ ᠠᠳᠠᠯᠢ ᠦᠭᠡᠢ ᠪᠤᠯᠵᠠᠢ᠃ ᠲᠡᠯᠭᠡᠬᠦᠷ ᠠᠴᠠ ᠪᠠᠨ ᠰᠢᠭᠤᠳ ᠪᠤᠷᠤᠯᠠᠭᠤᠯᠵᠤ᠂ ᠴᠤᠭᠯᠠᠭ᠎ᠠ ᠮᠠᠶᠢᠮᠠᠢ ᠶᠢᠨ ᠦᠶ᠎ᠠ ᠳᠤ ᠨᠡᠩ ᠠᠷᠪᠢᠨ ᠬᠤᠳᠠᠯᠳᠤᠵᠤ ᠴᠢᠳᠠᠨ᠎ᠠ︾ ᠭᠡᠵᠤ ᠶᠠ ᠨᠠᠨ ᠪᠠᠶᠠᠷᠳᠠᠢ ᠶᠠᠷᠢᠨ᠎ᠠ᠃     ︽ᠭᠡᠷ ᠪᠦᠯᠢ ᠶᠢᠨ ᠬᠡᠯᠪᠡᠷᠢ ᠶᠢᠨ ᠦᠢᠯᠡᠳᠬᠡᠯ ᠤᠨ ᠭᠠᠵᠠᠷ ᠨᠢ ᠪᠡᠯᠡ ᠤᠷᠤᠭᠤᠯᠤᠯᠳᠠ ᠪᠠᠷ ᠪᠠᠭ᠎ᠠ᠂ ᠦᠪᠠᠷ ᠤᠨ ᠦᠷᠳᠡᠭ ᠲᠤᠤᠷ᠎ᠠ᠂ ᠲᠦᠭᠰᠢᠬᠦᠷᠢ ᠪᠠᠭ᠎ᠠ ᠵᠡᠷᠭᠡ ᠲᠠᠪᠠᠭᠤᠯᠢᠭ ᠲᠠᠢ ᠪᠠᠶᠢᠵᠤ᠂ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠰᠠᠨ ᠪᠤᠯᠬᠤᠷ ᠲᠠᠷᠢᠶᠠᠴᠢᠳ ᠤᠨ ᠲᠠᠷᠢᠶᠠᠯᠠᠩ ᠤᠨ ᠰᠡᠯᠡᠬᠦᠥ ᠴᠠᠭ ᠢᠶᠠᠷ ᠢᠶᠠᠨ ᠤᠷᠤᠯᠭ᠎ᠠ ᠪᠠᠨ ᠨᠡᠮᠡᠭᠳᠡᠬᠦᠯᠬᠦ ᠲᠦᠳᠡ ᠠᠷᠭ᠎ᠠ ᠵᠠᠮ ᠪᠤᠯᠪᠠ︾ ᠭᠡᠵᠤ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠤᠨ ᠨᠠᠮ ᠤᠨ ᠠᠵᠢᠯ ᠤᠨ ᠵᠦᠪᠯᠡᠯ ᠤᠨ ᠱᠦᠵᠢ ᠤᠷᠭᠤᠭ᠎ᠠ ᠲᠠᠨᠢᠯᠴᠠᠭᠤᠯᠤᠨ᠎ᠠ᠃     
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号