ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠠᠮᠤᠷ ᠲᠦᠪᠰᠢᠨ ᠤ ᠮᠡᠳᠡᠯᠭᠡ ᠶᠢ ᠡᠮᠨᠡᠯᠭᠡ ᠶᠢᠨ ᠬᠤᠷᠢᠶ᠎ᠠ ᠳᠤ ᠬᠦᠷᠭᠡᠭᠰᠡᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/19
      12 ᠰᠠᠷ᠎ᠠ ᠶᠢᠨ 10 ᠤ ᠡᠳᠦᠷ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠬᠢᠩᠭᠠᠨ ᠠᠶᠢᠮᠠᠭ ᠤᠨ ᠡᠮᠨᠡᠯᠭᠡ ᠶᠢᠨ ᠬᠤᠷᠢᠶ᠎ᠠ ᠪᠠᠷ ᠭᠦᠨᠵᠡᠭᠡᠶᠢᠷᠡᠨ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠵᠢᠴᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ᠃     ᠠᠵᠢᠯᠯᠠᠭ᠎ᠠ ᠳᠤ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠰᠦᠷᠳᠡᠭᠦᠯᠦᠯ ᠢ ᠡᠰᠡᠷᠭᠦᠴᠡᠬᠦ ᠮᠡᠳᠡᠯᠭᠡ ᠶᠢᠨ ᠦᠵᠡᠭᠦᠯᠭᠡ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮᠴᠢ ᠰᠤᠪᠢᠯᠠᠭᠴᠢ᠂ ᠡᠪᠡᠳᠴᠢᠲᠡᠨ ᠵᠢᠴᠢ ᠭᠡᠷ ᠪᠦᠯᠢ ᠶᠢᠨ ᠬᠢᠨ ᠳᠤ ᠰᠦᠷᠳᠡᠭᠦᠯᠦᠯ ᠪᠠ ᠬᠦᠴᠦᠷᠬᠡᠭᠯᠡᠯ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠤᠨ ᠲᠤᠬᠠᠢ ᠠᠷᠭᠠᠴᠠᠭᠠᠬᠤ ᠠᠷᠭ᠎ᠠ ᠪᠣᠳᠣᠯᠭ᠎ᠠ ᠶᠢ ᠨᠠᠷᠢᠨ ᠲᠠᠶᠢᠯᠪᠤᠷᠢᠯᠠᠵᠤ ᠥᠭᠪᠡ᠃ ᠳᠠᠷᠠᠭ᠎ᠠ ᠨᠢ᠂ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠤᠨ ᠠᠮᠤᠷ ᠢ ᠬᠠᠮᠠᠭᠠᠯᠠᠬᠤ ᠠᠵᠢᠯᠲᠠᠨ ᠳᠤ ᠰᠦᠷᠳᠡᠭᠦᠯᠦᠯ ᠬᠦ᠋ᠴᠦᠷᠬᠡᠭᠯᠡᠯ ᠢ ᠰᠡᠷᠭᠡᠶᠢᠯᠡᠬᠦ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠳᠡᠭᠡᠵᠦ᠂ ᠡᠯ᠎ᠡ ᠲᠥᠷᠥᠯ ᠤᠨ ᠰᠦᠷᠳᠡᠭᠦᠯᠦᠯ ᠢ ᠡᠰᠡᠷᠭᠦᠴᠡᠬᠦ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠵᠥᠪ ᠣᠨᠣᠪᠴᠢᠲᠠᠶ ᠭᠡᠷᠡᠭᠯᠡᠬᠦ ᠪᠣᠯᠤᠨ ᠪᠣᠳᠠᠲᠠᠶ ᠪᠠᠶᠢᠯᠳᠤᠬᠤ ᠤᠷ᠎ᠠ ᠮᠡᠷᠭᠡᠵᠢᠯ ᠢ ᠭᠦᠨᠵᠡᠭᠡᠶ ᠵᠠᠳᠠᠯᠤᠨ ᠥᠭᠭᠦᠭᠰᠡᠨ ᠪᠥᠭᠡᠳ ᠲᠤᠬᠠᠶ ᠶᠢᠨ ᠲᠠᠯᠠᠪᠤᠷ ᠲᠤ ᠦᠵᠡᠭᠦᠯᠭᠡ ᠬᠢᠵᠡᠶ᠃     ᠲᠣᠰ ᠤᠳᠠᠭᠠᠨ ᠤ ᠠᠵᠢᠯᠯᠠᠭ᠎ᠠ ᠳᠤ᠂ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 1000 ᠭᠠᠷᠤᠶ ᠬᠤᠪᠢ ᠲᠠᠷᠬᠠᠭᠠᠵᠤ᠂ ᠡᠮᠨᠡᠯᠭᠡ ᠶᠢᠨ ᠬᠤᠷᠢᠶᠠᠨ ᠤ ᠰᠦᠷᠳᠡᠭᠦᠯᠦᠯ ᠬᠦᠴᠦᠷᠬᠡᠭᠯᠡᠯ ᠢ ᠰᠡᠷᠭᠡᠶᠢᠯᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠤᠷ ᠢ ᠬᠠᠮᠠᠭᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠣᠯᠠᠨ ᠡᠮᠴᠢ ᠪᠠ ᠡᠪᠡᠳᠴᠢᠲᠡᠨ ᠳᠤ ᠠᠮᠤᠷ ᠲᠦᠪᠰᠢᠨ ᠡᠮᠬᠢ ᠵᠢᠷᠤᠮ ᠲᠠᠢ ᠣᠷᠴᠢᠨ ᠲᠣᠭᠤᠷᠢᠨ ᠢ ᠡᠬᠦᠳᠤᠨ ᠦᠭᠴᠠᠢ᠃                            ︵ᠪᠠᠢ ᠪᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号