| | ᠰᠠᠭᠤᠷᠢ ᠰᠤᠷᠭᠠᠨ ᠬᠥᠮᠦᠵᠢᠯ ᠤᠨ ᠬᠤᠯᠪᠣᠭᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ | ᠬᠥᠮᠦᠵᠢᠯ ᠤᠨ ᠦᠢᠯᠡᠴᠢᠯᠡᠭᠡᠨ ᠤ ᠲᠡᠩᠴᠡᠭᠦᠷᠢᠰᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 12 | ᠰᠠᠷ᠎ᠠ ᠶᠢᠨ 16 ᠤ ᠡᠳᠦᠷ᠂ ᠤᠯᠠᠭᠠᠨᠬᠤᠲᠠ ᠵᠡᠭᠦᠨ ᠪᠠᠷᠠᠭᠤᠨ ᠣᠷᠣᠨ ᠤ ᠳᠥᠷᠪᠡᠨ ᠭᠠᠵᠠᠷ ᠤᠨ ᠰᠠᠭᠤᠷᠢ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠠᠵᠢᠯᠯᠠᠭ᠎ᠠ ᠶᠢ ᠡᠷᠭᠢᠯᠡᠵᠦ᠂ | ᠤᠯᠠᠭᠠᠨᠬᠤᠲᠠ ᠶᠢᠨ ᠳᠡᠳ᠋ ᠳᠠᠷᠤᠭ᠎ᠠ ᠸᠠᠩ ᠭᠦᠸᠧ ᠠᠨ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ | ᠬᠠᠷᠢᠭᠤᠴᠠᠯᠭᠠᠲᠠᠳ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃ | | | | | | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠸᠠᠩ ᠭᠦᠸᠧ ᠠᠨ ᠠᠵᠢᠯᠯᠠᠭ᠎ᠠ ᠳᠤ ᠪᠠᠶᠠᠷ ᠤᠨ ᠦᠭᠡ ᠬᠡᠯᠡᠪᠡ᠃ | ᠰᠠᠭᠤᠷᠢ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠶᠠᠷᠢᠶᠠᠨ ᠤ ᠲᠠᠪᠴᠠᠩ ᠵᠢᠴᠢ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠶᠠᠷᠢᠶᠠᠨ ᠤ | ᠲᠠᠪᠴᠠᠩ ᠵᠡᠷᠭᠡ ᠭᠤᠷᠪᠠᠨ ᠬᠤᠪᠢᠶᠠᠷᠢ ᠶᠠᠷᠢᠶᠠᠨ ᠤ ᠲᠠᠪᠴᠠᠩ ᠵᠡᠷᠭᠡᠪᠡᠷ ᠶᠠᠪᠤᠭᠳᠠᠪᠠ᠃ ᠠᠵᠢᠯᠯᠠᠭ᠎ᠠ ᠶᠢᠨ ᠳᠤᠮᠳᠠ᠂ | ᠬᠥᠬᠡᠬᠤᠲᠠ ᠶᠢᠨ ᠢᠦᠶ ᠴᠢᠤᠸᠠᠨ ᠲᠣᠭᠤᠷᠢᠭ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ᠂ ᠣᠷᠳᠣᠰ | ᠬᠤᠲᠠ ᠶᠢᠨ ᠵᠡᠭᠦᠨᠭᠠᠷ ᠬᠤᠰᠢᠭᠤ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠰᠤᠷᠭᠠᠨ ᠬᠥᠮᠦᠵᠢᠯ ᠤᠨ | ᠠᠵᠢᠯᠲᠠᠳ ᠣᠷᠣᠨ ᠪᠦᠰᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ᠂ ᠬᠡᠤᠬᠡᠳ ᠤᠨ | ᠴᠡᠴᠡᠷᠯᠢᠭ ᠤᠨ ᠬᠢᠴᠢᠶᠡᠯ ᠤᠨ ᠵᠢᠷᠤᠭ ᠲᠥᠯᠥᠪᠯᠡᠭᠡ ᠬᠢᠭᠡᠳ ᠬᠡᠷᠡᠭᠵᠢᠭᠦᠯᠬᠦ ᠠᠷᠭ᠎ᠠ ᠪᠣᠳᠣᠯᠭ᠎ᠠ᠂ ᠰᠤᠷᠭᠠᠭᠤᠯᠢ ᠶᠢᠨ | ᠭᠠᠳᠠᠨᠠᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠵᠡᠷᠭᠡ ᠲᠠᠯ᠎ᠠ ᠪᠠᠷ ᠦᠵᠡᠯᠲᠡ | ᠲᠠᠨᠢᠯᠳᠠ ᠪᠠᠨ ᠬᠤᠪᠢᠶᠠᠯᠴᠠᠵᠤ᠂ ᠦᠵᠡᠯ ᠰᠠᠨᠠᠭ᠎ᠠ ᠪᠠᠨ ᠰᠤᠯᠢᠯᠴᠠᠵᠤ᠂ ᠲᠤᠬᠠᠶ ᠶᠢᠨ ᠲᠠᠯᠠᠪᠠᠶ ᠶᠢᠨ ᠠᠭᠤᠷ | ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ | | | | | | | ᠡᠨᠡ ᠵᠢᠯ ᠤᠨ 3 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠰᠠᠭᠤᠷᠢ ᠰᠤᠷᠭᠠᠨ ᠬᠥᠮᠦᠵᠢᠯ ᠤᠨ ᠭᠠᠵᠠᠷ ᠤᠨ ᠬᠦᠴᠦᠲᠡᠶ ᠠᠬᠢᠭᠤᠯᠤᠯ ᠪᠠ ᠳᠡᠮᠵᠢᠯᠭᠡ ᠳᠣᠤᠷ᠎ᠠ᠂ ᠤᠯᠠᠭᠠᠨᠬᠤᠲᠠ᠂ | ᠬᠥᠬᠡᠬᠤᠲᠠ ᠶᠢᠨ ᠢᠦᠶ ᠴᠢᠤᠸᠠᠨ ᠲᠣᠭᠤᠷᠢᠭ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ᠂ ᠣᠷᠳᠣᠰ | ᠬᠤᠲᠠ ᠶᠢᠨ ᠵᠡᠭᠦᠨᠭᠠᠷ ᠬᠤᠰᠢᠭᠤ ᠯᠤᠭ᠎ᠠ ︽ᠵᠡᠭᠦᠨ ᠪᠠᠷᠠᠭᠤᠨ ᠣᠷᠣᠨ ᠤ ᠳᠥᠷᠪᠡᠨ ᠭᠠᠵᠠᠷ ᠤᠨ ᠰᠠᠭᠤᠷᠢ ᠰᠤᠷᠭᠠᠨ | ᠬᠥᠮᠦᠵᠢᠯ ᠤᠨ ᠬᠤᠯᠪᠣᠭ᠎ᠠ︾ ᠶᠢ ᠵᠣᠬᠢᠶᠠᠨ ᠪᠠᠶᠢᠭᠤᠯᠪᠠ᠃ ᠲᠣᠭᠲᠠᠮᠠᠯ ᠬᠤᠭᠤᠴᠠᠭ᠎ᠠ ᠲᠠᠢ ᠪᠠᠷ ᠰᠠᠭᠤᠷᠢ ᠰᠤᠷᠭᠠᠨ | ᠬᠥᠮᠦᠵᠢᠯ ᠤᠨ ᠬᠠᠮᠵᠢᠯᠴᠠᠨ ᠬᠥᠭᠵᠢᠬᠦ ᠶᠠᠷᠢᠶᠠᠨ ᠤ ᠲᠠᠪᠴᠠᠩ ᠢ ᠡᠷᠬᠢᠯᠡᠬᠦ᠂ ᠵᠢᠭᠠᠨ ᠰᠤᠳᠤᠯᠬᠤ ᠬᠠᠮᠲᠤ ᠶᠢᠨ | ᠴᠣᠭᠴᠠ ᠶᠢ ᠵᠣᠬᠢᠶᠠᠨ ᠪᠠᠶᠢᠭᠤᠯᠬᠤ᠂ ᠰᠤᠷᠭᠠᠨ ᠬᠥᠮᠦᠵᠢᠯ ᠬᠢᠴᠢᠶᠡᠯ ᠬᠦᠷᠭᠡᠬᠦ ᠠᠵᠢᠯᠯᠠᠭ᠎ᠠ ᠶᠢ ᠥᠷᠨᠢᠭᠦᠯᠬᠦ ᠵᠡᠷᠭᠡ | ᠤᠯᠠᠨ ᠵᠦᠢᠯ ᠤᠨ ᠠᠷᠭ᠎ᠠ ᠪᠠᠷ ᠳᠠᠮᠵᠢᠭᠤᠯᠤᠨ᠂ ︽ᠣᠷᠣᠨ ᠪᠦᠰᠡ ᠪᠦᠬᠦᠯᠢ ᠴᠣᠭᠴᠠ ᠪᠠᠷ ᠢᠶᠠᠨ ᠬᠤᠯᠪᠣᠭᠠᠯᠠᠨ | ᠬᠥᠳᠡᠯᠦᠯᠴᠡᠬᠦ᠂ ᠰᠤᠷᠭᠠᠭᠤᠯᠢ ᠬᠤᠤᠰᠯᠠᠨ ᠬᠥᠭᠵᠢᠬᠦ᠂ ᠴᠢᠨᠠᠷ ᠰᠠᠶᠢᠲᠠᠶ ᠨᠥᠯᠥᠭᠡᠯᠡᠨ ᠲᠠᠶᠢᠴᠢᠯᠡᠨ ᠳᠠᠭᠠᠭᠤᠯᠬᠤ᠂ | ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠬᠤᠯᠪᠣᠭᠠᠨ ᠤ ᠪᠠᠶᠢᠷᠢᠰᠢᠯ ᠢ ᠪᠦᠷᠢᠯᠳᠦᠭᠦᠯᠵᠦ᠂ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠪᠡ᠃ |