ᠤᠯᠠᠭᠠᠨᠬᠤᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠣᠨᠣᠯ ᠤᠨ ᠮᠡᠳᠡᠯᠭᠡ ᠶᠢᠨ ᠰᠢᠯᠭᠠᠯᠲᠠ ᠶᠠᠪᠤᠭᠳᠠᠭᠤᠯᠤᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/20
 ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠵᠢᠴᠢ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠣᠯᠤᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂  ᠤᠢᠢᠷ᠎ᠠ ᠳᠤ᠂ ᠤᠯᠠᠭᠠᠨᠬᠤᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠤᠨᠤᠯ ᠤᠨ ᠮᠡᠳᠡᠯᠭᠡ ᠶᠢᠨ ᠰᠢᠯᠭᠠᠯᠲᠠ ᠥᠷᠨᠢᠭᠦᠯᠵᠦ᠂ ᠡᠯ᠎ᠡ ᠪᠠᠯᠭᠠᠰᠤ᠂ ᠬᠦᠷᠢᠶᠡᠯᠡᠩ ᠲᠣᠭᠤᠷᠢᠭ ᠤᠨ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠭᠠᠴᠠᠭ᠎ᠠ ᠲᠣᠰᠬᠤᠨ ᠳᠤ ᠰᠠᠭᠤᠭ᠎ᠠ ︽ᠨᠢᠭᠡᠳᠦᠭᠡᠷ ᠱᠦᠵᠢ︾᠂ ᠭᠠᠴᠠᠭ᠎ᠠ ᠲᠣᠰᠬᠤᠨ ᠳᠤ ᠰᠠᠭᠤᠭ᠎ᠠ ᠭᠡᠰᠢᠭᠦᠨ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠺᠠᠳ᠋ᠷ ᠰᠢᠯᠭᠠᠯᠲᠠ ᠳᠤ ᠣᠷᠣᠯᠴᠠᠪᠠ᠃     ᠰᠢᠯᠭᠠᠯᠳᠠ ᠳᠤ ᠤᠷᠤᠯᠴᠠᠭᠰᠠᠳ ᠠᠩᠬᠠᠷᠤᠯ ᠢᠶᠠᠨ ᠲᠥᠪᠯᠡᠷᠡᠭᠦᠯᠦᠨ  ᠰᠢᠯᠭᠠᠯᠳᠡ ᠶᠢᠨ ᠰᠠᠳᠤᠪ ᠢ ᠬᠠᠷᠢᠭᠤᠯᠵᠠᠢ ᠃ ᠰᠢᠯᠭᠠᠯᠲᠠ ᠶᠢᠨ ᠠᠭᠤᠯᠭ᠎ᠠ ᠨᠢ ᠭᠤᠣᠯᠳᠠᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠠ ᠬᠠᠪᠰᠤᠷᠤᠨ ᠲᠡᠳᠬᠦᠬᠦ ᠠᠵᠢᠯ ᠤᠨ ᠬᠠᠮᠢᠶ᠎ᠠ ᠪᠦᠬᠦᠢ ᠮᠡᠳᠡᠯᠭᠡ ᠪᠠᠷ ᠭᠤᠤᠯᠯᠠᠭᠤᠯᠵᠤ᠂ ᠰᠢᠯᠭᠠᠯᠳᠠ  ᠳᠤ ᠤᠷᠤᠯᠴᠠᠭᠰᠠᠳ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠮᠡᠳᠡᠯᠭᠡ ᠶᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠰᠢᠰᠲ᠋ᠧᠮ ᠲᠠᠢ ᠰᠢᠯᠭᠠᠨ ᠪᠠᠶᠢᠴᠠᠭᠠᠪᠠ᠃   ᠲᠣᠰ ᠤᠳᠠᠭᠠᠨ ᠤ ᠰᠢᠯᠭᠠᠯᠲᠠ ᠨᠢ ᠡᠮᠦᠨᠡᠬᠢ ᠬᠤᠭᠤᠴᠠᠭᠠᠨ ᠤ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠲᠤᠬᠠᠶ ᠨᠢᠭᠡ ᠤᠳᠠᠭᠠᠨ ᠤ ᠰᠢᠯᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠲᠠᠷᠠᠭᠠᠴᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠶ ᠥᠷᠨᠢᠭᠦᠯᠬᠦ ᠳᠤ ᠬᠦᠴᠦᠲᠡᠶ ᠣᠨᠣᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠰᠢᠯᠭᠠᠯᠲᠠ ᠪᠠᠷ ᠳᠠᠮᠵᠢᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠨᠡᠩ ᠭᠦᠨᠵᠡᠭᠡᠢ ᠲᠠᠨᠢᠬᠰᠠᠨ ᠪᠥᠭᠡᠳ ᠥᠪᠡᠷ ᠤᠨ ᠠᠵᠢᠯ ᠤᠨ ᠳᠤᠮᠳᠠᠬᠢ ᠬᠠᠷᠢᠭᠤᠴᠠᠯᠭ᠎ᠠ ᠪᠣᠯᠤᠨ ᠴᠢᠭᠯᠡᠯ ᠢᠶᠠᠨ ᠲᠣᠳᠣᠷᠬᠠᠶᠢᠯᠠᠵᠤ᠂ ᠬᠤᠶᠢᠰᠢᠳᠠ  ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠯᠴᠠᠨ᠎ᠠ ᠭᠡᠵᠦ ᠢᠯᠡᠳᠬᠡᠵᠡᠭᠡᠪᠡ᠃   ︽ᠣᠳᠣᠬᠠᠨ ᠪᠣᠯᠲᠠᠯ᠎ᠠ᠂ ᠤᠯᠠᠭᠠᠨᠬᠠᠳᠠ ᠪᠠᠯᠭᠠᠰᠤ᠂ ᠭᠡᠭᠡᠨᠰᠦ᠋ᠮ᠎ᠡ ᠪᠠᠯᠭᠠᠰᠤ᠂ ᠢᠯᠠᠯᠲᠠ ᠪᠠᠯᠭᠠᠰᠤ ᠶᠢᠨ ᠨᠡᠶᠢᠲᠡ 134 ᠠᠵᠢᠯᠲᠠᠨ ᠰᠢᠯᠭᠠᠯᠲᠠ ᠳᠤ ᠣᠷᠣᠯᠴᠠᠵᠤ᠂ ᠰᠢᠯᠭᠠᠯᠲᠠ ᠶᠢᠨ ᠪᠦᠬᠦᠯᠢ ᠴᠣᠭᠴᠠ ᠶᠢᠨ ᠪᠠᠶᠢᠳᠠᠯ ᠠᠴᠠ ᠦᠵᠡᠪᠡᠯ ᠂ ᠣᠯᠠᠩᠬᠢ ᠨᠥᠬᠦᠳ ᠴᠥᠮ ᠨᠡᠯᠢᠶᠡᠳ ᠯᠠᠪᠳᠠᠭᠤᠨ ᠪᠠᠲᠤᠲᠠᠶ ᠮᠡᠳᠡᠯᠭᠡ ᠶᠢᠨ ᠦᠨᠳᠦᠰᠦᠨ ᠵᠦᠢᠯ ᠢᠶᠠᠨ ᠢᠯᠡᠷᠡᠭᠦᠯᠵᠦ ᠂ ᠡᠨᠡ ᠨᠢ ᠮᠥᠨ ᠴᠦ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠠᠵᠢᠯ ᠢ ᠦᠷᠬᠦᠯᠵᠢᠯᠡᠨ ᠥᠷᠨᠢᠭᠦᠯᠬᠦ ᠳᠤ ᠰᠠᠶᠢᠨ ᠰᠠᠭᠤᠷᠢ  ᠲᠠᠯᠪᠢᠵᠤ ᠦᠭᠬᠦᠭᠰᠡᠨ ᠪᠠᠶᠢᠨ᠎ᠠ︾ ᠭᠡᠵᠠᠢ᠃    
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号