| | 12 ᠰᠠᠷ᠎ᠠ ᠶᠢᠨ 20 ᠤ ᠡᠳᠦᠷ᠂ ᠤᠯᠠᠭᠠᠨᠬᠤᠲᠠ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ | ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠠᠮᠲᠤ ᠶᠢᠨ | ᠶᠠᠷᠢᠯᠴᠠᠬᠤ ᠬᠤᠷᠠᠯ ᠬᠤᠷᠠᠯᠳᠤᠭᠤᠯᠪᠠ᠃ ᠤᠯᠠᠭᠠᠨᠬᠤᠲᠠ ᠶᠢᠨ ᠤᠳᠤᠷᠢᠳᠤᠯᠭ᠎ᠠ ᠮᠠ ᠮᠧᠩ᠂ ᠯᠢ ᠱᠢ ᠬᠠᠶ᠂ ᠢᠦᠶ | ᠳ᠋ᠡ ᠮᠢᠩ᠂ ᠰᠥᠩ ᠹᠸᠢ᠂ ᠯᠢ ᠭᠦᠸᠧ ᠴᠢᠶᠠᠩ᠂ ᠭᠤᠸᠠᠨ ᠹᠧᠩ᠂ ᠯᠢᠦ ᠶᠢᠨ ᠪᠥᠸᠧ᠂ ᠸᠠᠩ ᠮᠢᠩ ᠶᠠᠩ᠂ ᠵᠧᠤ | ᠬᠠᠩ᠂ ᠽᠦᠸᠧ ᠶᠠᠨ ᠨᠠᠷ ᠬᠤᠷᠠᠯ ᠳᠤ ᠣᠷᠣᠯᠴᠠᠵᠠᠶ᠃ | ᠬᠤᠷᠠᠯ ᠠᠴᠠ 2024 ᠣᠨ ᠤ ᠪᠦᠬᠦ ᠬᠤᠳᠠ ᠶᠢᠨ ᠬᠢᠨᠠᠨ ᠪᠠᠶᠢᠴᠠᠭᠠᠬᠤ ᠠᠵᠢᠯ ᠤᠨ ᠶᠡᠷᠦᠩᠬᠡᠢ ᠪᠠᠶᠢᠳᠠᠯ ᠵᠢᠴᠢ | ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠪᠡ᠃ | ᠬᠤᠷᠠᠯ ᠠᠴᠠ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ᠂ ᠶᠡᠷᠦᠩᠬᠡᠢ ᠱᠦᠵᠢ | ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠪᠣᠳᠠᠲᠠᠢ | ᠠᠵᠢᠯᠯᠠᠭ᠎ᠠ ᠪᠣᠯᠤᠨ᠎ᠠ᠃ ᠪᠦᠬᠦ ᠬᠤᠳᠠ ᠪᠠᠷ ᠢᠶᠠᠨ ᠪᠦᠬᠦ ᠬᠤᠳᠠ ᠶᠢᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠲᠠᠨᠢᠵᠤ᠂ | ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠪᠠᠷ ᠲᠤᠯᠢ ᠪᠣᠯᠭᠠᠵᠤ᠂ ᠪᠦᠬᠦ ᠬᠤᠳᠠ ᠶᠢᠨ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠤᠨ ᠥᠪᠡᠷ ᠢ ᠪᠠᠨ ᠬᠦᠨᠳᠦᠳᠬᠡᠵᠦ ᠥᠪᠡᠷ ᠢ ᠪᠠᠨ ᠲᠤᠩᠭᠠᠵᠤ᠂ ᠥᠪᠡᠷ ᠢ ᠪᠠᠨ | ᠰᠡᠷᠡᠮᠵᠢᠯᠡᠭᠦᠯᠵᠦ ᠥᠪᠡᠷ ᠢ ᠪᠠᠨ ᠵᠣᠷᠢᠭᠵᠢᠭᠤᠯᠬᠤ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠢ ᠪᠣᠯᠤᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠲᠤᠷ ᠪᠤᠢ | ᠪᠣᠯᠭᠠᠬᠤ ᠬᠡᠷᠡᠭᠲᠡᠢ ᠭᠡᠵᠦ ᠵᠢᠭᠠᠵᠠᠢ᠃ | ᠬᠤᠷᠠᠯ ᠠᠴᠠ᠂ ᠪᠦᠬᠦ ᠬᠤᠳᠠ ᠪᠠᠷ ᠢᠶᠠᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ | ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠪᠦᠬᠦ ᠬᠤᠳᠠ ᠶᠢᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ︽ᠶᠢᠰᠦᠨ ᠲᠦᠷᠦᠯ︾ ᠤᠨ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ︽ | ᠠᠯᠪᠠᠨ︾ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠵᠤ᠂ | ᠳᠡᠷᠭᠡᠳᠡᠬᠢ ᠤᠴᠢᠷ ᠶᠠᠪᠤᠳᠠᠯ ᠤᠨ ᠰᠡᠷᠡᠮᠵᠢᠯᠡᠭᠦᠯᠦᠯ ᠢᠶᠠᠷ ᠳᠡᠷᠭᠡᠳᠡᠬᠢ ᠬᠥᠮᠦᠨ ᠢᠶᠠᠨ ᠬᠥᠮᠦᠵᠢᠭᠦᠯᠬᠦ ᠶᠢ ᠪᠠᠷᠢᠮᠲᠠᠯᠠᠵᠤ᠂ | ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠯᠠᠮ | ᠨᠢᠭᠡ ᠠᠯᠬᠤᠮ ᠪᠠᠬᠢᠵᠢᠭᠦᠯᠬᠦ ᠬᠡᠷᠡᠭᠲᠡᠶ᠃ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠰᠡᠷᠡᠮᠵᠢᠯᠡᠭᠦᠯᠬᠦ ᠬᠥᠮᠦᠵᠢᠯ ᠢᠶᠠᠷ ᠭᠠᠷᠳᠠᠴᠠ ᠪᠣᠯᠭᠠᠨ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠶᠢᠷᠡᠭᠦᠯᠵᠦ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠰᠢᠨ᠎ᠡ ᠦᠷ᠎ᠡ | ᠪᠦᠲᠦᠮᠵᠢ ᠪᠠᠷ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠰᠤᠷᠠᠯᠲᠠ ᠥᠬᠡᠶ ᠰᠢᠨ᠎ᠡ | ᠳᠡᠭᠲᠡᠷ ᠲᠤ ᠭᠠᠷᠴᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠵᠠᠢ᠃ |