ᠬᠢᠩᠭᠠᠨᠴᠣᠳ ᠷᠠᠰᠢᠶᠠᠨ ᠢᠶᠠᠷ ᠵᠢᠭᠤᠯᠴᠢᠯᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/12/23
     ᠬᠠᠶᠢᠷᠠᠲᠤ ᠬᠢᠩᠭᠠᠨ ᠠᠶᠢᠮᠠᠭ ᠤᠨ ᠨᠤᠲᠤᠭ ᠤᠨ ᠠᠬ᠎ᠠ ᠳᠡᠭᠦᠦ ᠨᠠᠷ ᠡ᠄    ᠦᠵᠡᠰᠭᠦᠯᠡᠩᠲᠦ ᠰᠠᠶᠢᠬᠠᠨ ᠬᠢᠩᠭᠠᠨ ᠠᠶᠢᠮᠠᠭ ᠪᠣᠯ ᠬᠢᠩᠭᠠᠨ ᠤ ᠬᠥᠮᠦᠨ ᠨᠢᠭᠡᠪᠦᠷᠢ ᠶᠢᠨ ᠠᠮᠢᠳᠤᠷᠠᠯ ᠤᠨ ᠨᠤᠲᠤᠭ ᠣᠰᠣ᠂ ᠬᠠᠶᠢᠷ᠎ᠡ ᠰᠡᠳᠭᠢᠯᠭᠡ ᠶᠢᠨ ᠨᠠᠶᠢᠳᠠᠯᠭ᠎ᠠ ᠪᠠ ᠠᠮᠢ ᠨᠠᠰᠤᠨ ᠤ ᠬᠠᠶᠢᠷ᠎ᠡ ᠶᠢᠨ ᠬᠦᠷᠳᠡᠭᠡᠯ ᠪᠣᠯᠤᠨ᠎ᠠ᠂ ᠡ᠊ᠨᠳᠡᠬᠢ ᠠᠭᠤᠯᠠ ᠤᠰᠤ᠂ ᠡᠪᠡᠰᠦ ᠮᠣᠳᠣ ᠪᠣᠯ ᠬᠢᠩᠭᠠᠨ ᠬᠥᠮᠦᠨ ᠤ ᠥᠨᠢ ᠡᠭᠦᠷᠢᠳᠡ ᠶᠢᠨ ᠰᠡᠳᠭᠢᠯ ᠤᠨ ᠭᠠᠷᠠᠮ ᠪᠠ ᠬᠠᠶᠢᠷ᠎ᠡ ᠰᠡᠳᠭᠢᠯᠭᠡ ᠶᠢᠨ ᠬᠤᠷᠭᠤᠳᠡᠯ ᠪᠣᠯᠤᠨ᠎ᠠ᠃ ᠬᠢᠩᠭᠠᠨ ᠳᠤ ᠪᠠᠶᠢᠵᠣ᠂ ᠬᠢᠩᠭᠠᠨ ᠢᠶᠠᠨ ᠬᠠᠶᠢᠷᠠᠯᠠᠬᠤ᠂ ᠬᠢᠩᠭᠠᠨ ᠤ ᠪᠠᠨ ᠲᠦᠯᠣᠭ᠍᠊ ᠭᠡᠬᠦ ᠨᠢ ᠬᠢᠩᠭᠠᠨ ᠬᠥᠮᠦᠨ ᠨᠢᠭᠡᠪᠦᠷᠢ ᠶᠢᠨ ᠨᠤᠲᠤᠭ ᠤᠰᠤᠨ ᠳᠤ ᠪᠠᠨ ᠡᠪᠣᠷᠯᠠᠵᠣ ᠪᠠᠶᠢᠭ᠎ᠠ ᠬᠤᠪᠢᠷᠠᠰᠢ ᠦᠭᠡᠢ ᠢᠲᠡᠭᠡᠯ ᠵᠣᠷᠢᠭ ᠪᠠ ᠥᠨᠢ ᠡᠭᠦᠷᠢᠳᠡ ᠶᠢᠨ ᠬᠠᠶᠢᠷ᠎ᠠ ᠰᠡᠳᠬᠢᠯᠭᠡ ᠮᠥᠨ᠃     ᠠᠶᠠᠯᠭᠤᠳᠣ ᠥᠪᠥᠷ ᠮᠣᠩᠭᠤᠯ᠂ ᠪᠠᠶᠠᠷ ᠪᠠᠶᠠᠰᠬᠤᠯᠠᠩᠲᠤ ᠮᠥᠰᠥ ᠴᠠᠰᠤᠨ ᠤ ᠤᠯᠠᠷᠢᠯ ᠪᠣᠯᠣᠨ᠎ᠠ᠃ ᠣᠳᠣᠬᠠᠨ ᠳᠤ ᠶᠠᠭ ᠮᠥᠰᠥ ᠴᠠᠰᠤᠨ ᠤ  ᠵᠢᠭᠤᠯᠴᠢᠯᠠᠯ ᠤᠨ ᠤᠯᠠᠷᠢᠯ ᠪᠠᠶᠢᠵᠤ᠂ ᠡᠪᠦᠯ ᠤᠨ ᠤᠯᠠᠷᠢᠯ ᠤᠨ ᠷᠠᠰᠢᠶᠠᠨ ᠮᠥᠩᠭᠦᠨ ᠬᠤᠪᠴᠠᠰᠤ  ᠪᠠᠷ ᠬᠤᠴᠢᠬᠳᠡᠨ ᠲᠣᠮᠣᠬᠳᠣ ᠷᠡᠰᠢᠶᠠᠨ ᠮᠠᠳᠣ᠃ ᠷᠠᠰᠢᠶᠠᠨ ᠮᠠᠨᠢ ᠮᠥᠰᠥ ᠴᠠᠰᠤᠨ ᠤ ᠥᠩᠭᠡ ᠦᠵᠡᠮᠵᠢ᠂ ᠮᠥᠰᠥ ᠴᠠᠰᠤᠨ ᠤ ᠪᠠᠶᠠᠯᠢᠭ ᠠᠵᠢᠯᠯᠠᠭ᠎ᠠ᠂ ᠣᠯᠠᠨ ᠡᠰᠢᠲᠦ ᠮᠥᠰᠥ ᠴᠠᠰᠤᠨ ᠤ ᠰᠣᠶᠣᠯ ᠢᠶᠠᠷ ᠠᠴᠢᠶᠠᠯᠠᠪᠤᠷᠢ ᠪᠣᠯᠭᠠᠵᠤ᠂ ᠡᠪᠦᠯ ᠤᠨ ᠤᠯᠠᠷᠢᠯ ᠤᠨ ᠭᠤᠤᠯ ᠵᠢᠭᠤᠯᠴᠢᠯᠠᠯ ᠤᠨ ᠠᠷᠪᠠᠨ ᠶᠡᠭᠡ ᠠᠭᠤᠯᠭ᠎ᠠ ᠶᠢ ᠨᠡᠭᠡᠭᠡᠵᠡᠢ᠃ ᠡ᠊ᠨᠳᠡ ᠶᠡᠭᠡ ᠬᠢᠩᠭᠠᠨ ᠳᠠᠪᠠᠭᠠᠨ ᠤ ᠭᠠᠶᠢᠬᠠᠮᠰᠢᠭᠲᠤ ᠰᠠᠶᠢᠬᠠᠨ ᠣᠷᠴᠢᠨ ᠲᠣᠭᠤᠷᠢᠨ ᠢᠶᠠᠷ ᠵᠣᠭᠠᠴᠠᠨ᠂ ᠴᠠᠰᠤᠨ ᠳᠤ ᠭᠤᠯᠭᠤᠬᠤ᠂ ᠬᠠᠯᠠᠭᠤᠨ ᠷᠠᠰᠢᠶᠠᠨ ᠳᠤ ᠣᠷᠣᠬᠤ᠂ ᠪᠦᠯᠢᠶᠡᠨ ᠭᠤᠣᠯ ᠳᠤ ᠬᠥᠪᠬᠦ ᠶᠢ ᠪᠡᠶᠡᠴᠢᠯᠡᠨ ᠣᠶᠢᠯᠠᠭᠠᠵᠤ ᠴᠢᠳᠠᠬᠤ ᠮᠦᠷᠳᠡᠭᠡᠨ ᠬᠢᠯᠢ ᠶᠢᠨ ᠪᠣᠭᠤᠮᠲᠠ ᠳᠤ ᠤᠯᠤᠰ ᠢᠶᠠᠨ ᠬᠠᠶᠢᠷᠠᠯᠠᠬᠤ ᠬᠦᠮᠣᠵᠢᠯ ᠢ ᠬᠦᠷᠳᠡᠵᠣ᠂ ᠠᠷᠠᠳ ᠤᠨ ᠵᠠᠩ ᠦᠢᠯᠡ ᠶᠢᠨ ᠡᠯᠪᠡᠭ ᠰᠣᠳᠣᠨ ᠲᠣᠭᠯᠠᠯᠲᠠ ᠶᠢ ᠦᠵᠡᠵᠣ᠂ ᠵᠡᠭᠦᠨ ᠬᠤᠶᠢᠲᠤ ᠶᠢᠨ ᠠᠷᠠᠳ ᠤᠨ ᠵᠠᠩ ᠦᠢᠯᠡ ᠶᠢᠨ ᠰᠣᠶᠣᠯ ᠢ ᠴᠣ᠋ ᠰᠣᠨᠢᠷᠬᠠᠵᠤ ᠪᠣᠯᠣᠨ᠎ᠠ᠃ ᠪᠠᠰᠠ ᠵᠢᠩᠬᠢᠨᠢ ᠵᠡᠭᠦᠨ ᠬᠤᠶᠢᠲᠤ ᠣᠷᠣᠨ ᠤ ᠭᠡᠷ ᠪᠦᠯᠢ ᠶᠢᠨ ᠨᠠᠶᠢᠷ ᠲᠠᠶᠢᠯᠠᠯᠭ᠎ᠠ ᠶᠢᠨ ᠢᠳᠡᠭᠡᠨ ᠣᠮᠳᠡᠭᠠᠨ ᠢ ᠠᠮᠳᠡᠯᠠᠵᠣ᠂ ᠡᠪᠦᠯ ᠤᠨ ᠤᠯᠠᠷᠢᠯ ᠤᠨ ᠨᠠᠭᠠᠳᠤᠮ ᠤᠨ ᠮᠥᠰᠥ ᠴᠠᠰᠤᠨ ᠤ ᠨᠠᠷᠭᠢᠶᠠᠨ ᠢ  ᠣᠷᠣᠯᠴᠠᠵᠣ ᠪᠣᠯᠣᠨ᠎ᠠ᠃ ᠥᠷᠭᠡᠨ ᠣᠯᠠᠨ ᠵᠤᠭᠠᠴᠠᠭᠴᠢ ᠳᠤ ︽ᠨᠢᠭᠡ ᠥᠷᠲᠡᠭᠡᠳᠣ ᠮᠠᠶ᠋ᠢᠭ︾ ᠤᠨ ᠮᠥᠰᠥ ᠴᠠᠰᠤᠨ ᠳᠤ ᠵᠤᠭᠠᠴᠠᠨ ᠨᠠᠭᠠᠳᠬᠤ ᠶᠢ ᠪᠡᠶᠡᠯᠡᠭᠦᠯᠵᠦ᠂ ᠵᠡᠭᠦᠳᠦ ᠵᠡᠷᠭᠡᠯᠭᠡᠨ ᠮᠡᠲᠦ ︽ᠲᠣᠮᠣᠬᠳᠣ ᠷᠠᠰᠢᠶᠠᠨ︾ ᠢ  ᠪᠠᠶᠠᠴᠢᠯᠡᠨ ᠣᠶᠢᠯᠭᠠᠭᠤᠯᠣᠨ᠎ᠠ᠃    ᠷᠡᠰᠢᠶᠠᠨ ᠨᠤᠲᠤᠭ ᠤᠨ ᠲᠦᠷᠪᠡᠨ ᠣᠯᠠᠷᠢᠯ ᠤᠨ ᠦᠩᠭᠡ ᠦᠵᠡᠮᠵᠢ ᠦᠨᠡᠭᠡᠷ ᠭᠤᠶᠣ ᠰᠠᠶᠢᠬᠠᠨ᠃ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠪᠢᠳᠠᠡ ᠨᠤᠲᠤᠭ ᠤᠨ ᠠᠷᠠᠳ ᠲᠦᠮᠡᠨ ᠳᠤ ︽ᠬᠢᠩᠭᠠᠨᠴᠣᠳ ᠪᠦᠬᠦᠨ ᠢᠶᠠᠷ ᠢᠶᠠᠨ ᠷᠠᠰᠢᠶᠠᠨ ᠢᠶᠠᠷ  ᠵᠢᠭᠤᠯᠴᠢᠯᠠᠬᠤ︾ ᠰᠠᠨᠠᠭᠠᠴᠢᠯᠠᠭ᠎ᠠ ᠭᠠᠷᠭᠠᠵᠤ᠂ ᠨᠤᠲᠤᠭ ᠤᠰᠤᠨ ᠤ  ᠬᠦᠮᠣᠨ ᠨᠢᠭᠡᠪᠦᠷᠢ ᠶᠢ ᠤᠷᠢᠵᠤ ᠰᠢᠯᠦᠭ ᠵᠢᠷᠤᠭ ᠮᠡᠲᠦ ᠷᠠᠰᠢᠶᠠᠨ ᠢᠶᠠᠷ ᠵᠢᠭᠤᠯᠴᠢᠯᠠᠨ᠂ ᠮᠥᠰᠥ ᠴᠠᠰᠤᠨ ᠳᠠᠬᠢ ᠬᠠᠯᠠᠭᠤᠨ ᠷᠠᠰᠢᠶᠠᠨ ᠤ ᠷᠢᠳᠢ ᠰᠢᠳᠢ ᠶᠢ ᠡᠳ᠋ᠯᠠᠵᠣ᠂ ᠨᠤᠲᠤᠭ ᠤᠰᠤᠨ ᠤ ᠪᠠᠨ ᠭᠤᠸ᠎ᠠ ᠰᠠᠶᠢᠬᠠᠨ᠂ ᠷᠠᠰᠢᠶᠠᠨ ᠤ ᠭᠤᠸ᠎ᠠ ᠰᠠᠶᠢᠬᠠᠨ ᠢ ᠣᠶᠢᠯᠭᠠᠶ᠎ᠠ᠃ ᠨᠤᠲᠤᠭ ᠤᠰᠤᠨ ᠳᠠᠭᠠᠨ ᠬᠠᠶᠢᠷᠠᠲᠠᠢ ᠬᠦᠮᠣᠰ ᠲᠠᠢ ᠪᠠᠨ ᠬᠠᠮᠳᠣ ᠮᠥᠰᠥ ᠴᠠᠰᠤᠨ ᠤ ᠳᠣᠮᠣᠬᠳᠣ ᠷᠡᠰᠢᠶᠠᠨ ᠢᠶᠠᠷ ᠵᠢᠭᠤᠯᠴᠢᠯᠠᠯ ᠢᠶᠠᠨ ᠡᠬᠢᠯᠡᠭᠦᠯᠦᠶ᠎ᠡ︕ ᠵᠤᠭᠠᠴᠠᠨ ᠨᠠᠭᠠᠳᠬᠤ ᠶᠢᠨ ᠬᠠᠮᠲᠤ ᠰᠠᠶᠢᠨ ᠰᠠᠶᠢᠬᠠᠨ ᠢᠶᠠᠨ ᠲᠦᠷᠦᠯ ᠰᠠᠳᠤᠨ ᠨᠠᠶᠢᠵᠠ ᠨᠥᠬᠦᠳ ᠲᠠᠢ ᠪᠠᠨ ᠬᠤᠪᠢᠶᠠᠯᠴᠠᠨ᠂ ᠨᠤᠲᠤᠭ ᠤᠰᠤᠨ ᠤ ᠵᠢᠭᠤᠯᠴᠢᠯᠠᠯ ᠤᠨ ᠣᠷᠣᠯᠠᠨ ᠥᠭᠦᠯᠡᠭᠴᠢ ᠪᠣᠯᠬᠤ ᠪᠠᠷ ᠴᠢᠷᠮᠠᠶᠢᠵᠠᠭᠠᠶ᠎ᠠ᠃    ᠷᠠᠰᠢᠶᠠᠨ ᠬᠤᠲᠠ ᠣᠷᠭᠢᠯᠤᠮ᠎ᠠ ᠬᠠᠯᠠᠭᠤᠨ ᠰᠡᠳᠬᠢᠯᠭᠡ᠂ ᠬᠠᠯᠠᠭᠤᠮᠰᠤᠭ ᠦᠢᠯᠡᠴᠢᠯᠡᠭᠡ᠂ ᠢᠷᠠᠭᠤ ᠰᠠᠶᠢᠬᠠᠨ ᠥᠩᠭᠡ ᠦᠵᠡᠮᠵᠢ᠂ ᠡᠯᠪᠡᠭ ᠪᠠᠶᠠᠯᠢᠭ ᠠᠵᠢᠯᠯᠠᠭ᠎ᠠ ᠪᠠᠷ ᠢᠶᠠᠨ ᠲᠠᠨ ᠢ ᠪᠠᠨ ᠤᠷᠢᠵᠤ ᠪᠠᠶᠢᠨ᠎ᠠ︕            ᠬᠢᠩᠭᠠᠨ ᠠᠶᠢᠮᠠᠭ ᠤᠨ ᠰᠣᠶᠣᠯ  ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ            2024 ᠣᠨ ᠤ 12 ᠰᠠᠷ᠎ᠠ ᠶᠢᠨ 18 ᠤ ᠡᠳᠦᠷ    
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号