ᠤᠯᠠᠭᠠᠨᠬᠤᠲᠠ ᠶᠢᠨ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠭᠦᠷ ᠪᠣᠯᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/24
     ᠤᠢᠢᠷ᠎ᠠ ᠶᠢᠨ ᠵᠢᠯ ᠠᠴᠠ᠂ ᠤᠯᠠᠭᠠᠨᠬᠤᠲᠠ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ᠂ ᠪᠦᠬᠦ ᠬᠤᠳᠠ ᠶᠢᠨ ᠬᠡᠪᠴᠢᠶᠡᠨ ᠳᠤ ᠲᠡᠵᠢᠭᠡᠨ ᠦᠷᠡᠵᠢᠭᠦᠯᠬᠦ ᠠᠵᠤ ᠦᠢᠯᠡᠰ ᠤᠯᠠᠨ ᠲᠠᠯ᠎ᠠ ᠪᠠᠷ ᠬᠥᠭᠵᠢᠵᠦ᠂ ᠥᠷᠨᠢᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠰᠢᠨ᠎ᠡ ᠠᠷᠭ᠎ᠠ ᠵᠠᠮ ᠢ ᠨᠡᠭᠡᠭᠡᠨ ᠥᠭᠭᠦᠭᠰᠡᠨ ᠢᠶᠠᠷ ᠪᠠᠷᠠᠬᠤ ᠦᠭᠡᠢ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃    ᠤᠯᠠᠭᠠᠨᠬᠤᠲᠠ ᠶᠢᠨ ᠰᠡᠷᠬᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠵᠢᠩ ᠯᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠬᠠᠷᠢᠭᠤᠴᠠᠯᠭᠠᠲᠠᠨ ᠵᠣᠣ ᠵᠢᠩ ᠯᠢ᠄ ︽ᠪᠢ 80 ᠭᠠᠷᠤᠶ ᠰᠢᠮᠧᠨ᠋ᠲ᠋ᠠᠷ ᠦᠬᠡᠷ ᠲᠡᠵᠢᠭᠡᠵᠦ᠂ ᠵᠢᠯ ᠤᠨ ᠡᠴᠦᠰ ᠪᠣᠯᠬᠤ ᠳᠤ 40 ᠭᠠᠷᠤᠶ ᠨᠢ ᠲᠤᠭᠤᠯᠯᠠᠬᠤ ᠪᠣᠯᠤᠨ᠎ᠠ᠂ ᠨᠢᠭᠡ ᠦᠬᠡᠷ ᠤᠨ ᠡᠳᠦᠷ ᠪᠦᠷᠢ ᠶᠢᠨ ᠥᠪᠡᠷ ᠤᠨ ᠥᠷᠲᠡᠭ ᠨᠢ 10 ᠲᠥᠭᠦᠷᠢᠭ ᠲᠤ ᠬᠦᠷᠴᠦ ᠪᠠᠶᠢᠨ᠎ᠠ᠃ ᠵᠢᠯ ᠤᠨ ᠡᠴᠦᠰ ᠲᠤ 20 ᠭᠠᠷᠤᠢ ᠲᠦᠮᠡᠨ ᠲᠥᠭᠦᠷᠢᠭ ᠤᠨ ᠠᠰᠢᠭ ᠣᠯᠤᠨ᠎ᠠ︾ ᠭᠡᠵᠦ ᠶᠠᠷᠢᠵᠤ ᠪᠠᠶᠢᠯ᠎ᠠ᠃    ᠣᠳᠣᠬᠠᠨ ᠳᠤ᠂ ᠤᠯᠠᠭᠠᠨᠬᠤᠲᠠ ᠶᠢᠨ ᠰᠡᠷᠬᠡᠨ ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠮᠢᠬᠠᠨ ᠦᠬᠡᠷ ᠨᠡᠶᠢᠲᠡ 7000 ᠭᠠᠷᠤᠶ ᠪᠠᠶᠢᠵᠤ᠂ ᠵᠢᠯ ᠤᠨ ᠦᠢᠯᠡᠳᠬᠦᠨ ᠤ ᠥᠷᠲᠡᠭ ᠨᠢ 1000 ᠭᠠᠷᠤᠶ ᠲᠦᠮᠡᠨ ᠲᠥᠭᠦᠷᠢᠭ ᠲᠤ ᠬᠦᠷᠴᠦ᠂ ᠲᠣᠭᠤᠷᠢᠭ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠨᠢ ᠪᠦᠬᠦᠯᠢ ᠴᠣᠭᠴᠠ ᠪᠠᠷ ᠠᠬᠢᠵᠤ᠂ ᠲᠣᠭᠲᠠᠭᠤᠨ ᠢᠶᠠᠷ ᠬᠥᠭᠵᠢᠵᠦ ᠦᠷᠭᠦᠯᠵᠢᠯᠡᠨ ᠰᠠᠶᠢᠵᠢᠷᠠᠬᠤ ᠪᠠᠶᠢᠳᠠᠯ ᠢᠯᠡᠷᠡᠪᠡ᠃
2024122309315855383.jpg
    ᠤᠯᠠᠭᠠᠨᠬᠤᠲᠠ ᠶᠢᠨ ᠢᠯᠠᠯᠲᠠ ᠪᠠᠯᠭᠠᠰᠤᠨ ᠤ ᠱᠧᠩᠯᠢ ᠭᠠᠴᠠᠭᠠᠨ ᠤ ᠠᠷᠠᠳ ᠸᠠᠩ ᠴᠦᠨ ᠵᠢᠶᠠ ᠶᠢᠨ ᠴᠡᠪᠡᠷ ᠲᠡᠭᠰᠢ ᠬᠠᠰᠢᠶ᠎ᠠ ᠰᠠᠷᠠᠪᠴᠢ ᠳᠤ 100 ᠭᠠᠷᠤᠶ ᠭᠠᠭ᠋ᠠᠶ ᠲᠡᠵᠢᠭᠡᠵᠦ᠂ ᠸᠠᠩ ᠴᠦᠨ ᠵᠢᠶᠠ ᠭᠠᠭ᠋ᠠᠢ ᠪᠠᠨ ᠲᠡᠵᠢᠭᠡᠬᠦ ᠶᠢᠨ ᠬᠠᠮᠲᠤ ᠦᠰᠦᠯᠲᠡ ᠶᠢᠨ ᠪᠠᠶᠢᠳᠠᠯ ᠢ ᠨᠢ ᠨᠠᠷᠢᠨ ᠠᠵᠢᠭᠯᠠᠨ᠎ᠠ᠃ ᠸᠠᠩ ᠴᠦᠨ ᠵᠢᠶᠠ ᠶᠢᠨ ᠲᠡᠵᠢᠭᠡᠭᠰᠡᠨ ᠭᠠᠭ᠋ᠠᠶ ᠶᠢᠨ ᠡᠭᠦᠯᠳᠡᠷ ᠨᠢ ᠪᠦᠳᠦᠭᠦᠨ ᠴᠠᠭᠠᠨ ᠭᠠᠭ᠋ᠠᠶ᠂ ᠪᠦᠳᠦᠭᠦᠨ ᠴᠠᠭᠠᠨ ᠭᠠᠭ᠋ᠠᠶ ᠨᠢ ᠪᠡᠶ᠎ᠡ ᠪᠢᠯᠳᠠᠷ ᠢᠶᠠᠷ ᠪᠦᠳᠦᠭᠦᠨ᠂ ᠥᠰᠥᠯᠲᠡ ᠨᠢ ᠲᠦᠷᠭᠡᠨ᠂ ᠬᠠᠷ᠎ᠠ ᠮᠢᠬᠠᠨ ᠤ ᠨᠣᠷᠮ᠎ᠠ ᠥᠨᠳᠥᠷ ᠵᠡᠷᠭᠡ ᠳᠠᠪᠠᠭᠤᠯᠢᠭ ᠲᠠᠯ᠎ᠠ ᠲᠠᠢ᠂ ᠸᠠᠩ ᠴᠦᠨ ᠵᠢᠶᠠ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠭᠠᠭ᠋ᠠᠶ ᠶᠢᠨ ᠲᠡᠵᠢᠭᠡᠨ ᠦᠷᠡᠵᠢᠭᠦᠯᠬᠦ ᠴᠠᠭ ᠨᠢ ᠣᠷᠳᠣ᠂ ᠭᠠᠭ᠋ᠠᠶ ᠶᠢᠨ ᠮᠢᠬᠠᠨ ᠤ ᠶᠠᠰᠤ ᠴᠢᠨᠠᠷ ᠨᠢ ᠰᠠᠶᠢᠨ᠂ ᠠᠮᠲᠠ ᠰᠠᠶᠢᠲᠠᠶ᠂ ᠵᠠᠬ᠎ᠠ ᠳᠡᠯᠭᠡᠭᠦᠷ ᠳᠡᠭᠡᠷ᠎ᠡ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ᠂ ᠬᠡᠷᠡᠭᠯᠡᠭᠴᠢᠳ ᠤᠨ ᠬᠦᠷᠢᠶᠡᠯᠡᠯ ᠢ ᠣᠯᠵᠤ᠂ ᠮᠠᠰᠢ ᠣᠯᠠᠨ ᠭᠠᠳᠠᠷ ᠣᠷᠣᠨ ᠤ ᠬᠡᠷᠡᠭᠯᠡᠭᠴᠢ ᠲᠡᠳᠡᠨ ᠤ ᠬᠡᠷ ᠤᠨ ᠭᠠᠭ᠋ᠠᠶ ᠶᠢ ᠬᠤᠳᠠᠯᠳᠤᠨ ᠠᠪᠬᠤ ᠳᠤ ᠴᠥᠮ ᠤᠷᠢᠳᠴᠢᠯᠠᠨ ᠵᠠᠬᠢᠶᠠᠯᠠᠬᠤ ᠴᠢᠬᠤᠯᠠᠲᠠᠶ ᠪᠠᠶᠢᠳᠠᠭ᠃    ︽ᠮᠠᠨ ᠤ ᠭᠡᠷ ᠲᠤ ᠬᠤᠷᠢ ᠭᠠᠷᠤᠢ ᠮᠡᠭᠡᠵᠢ ᠲᠠᠢ᠂ ᠵᠢᠯ ᠳᠤ 100 ᠭᠠᠷᠤᠢ ᠭᠠᠭ᠋ᠠᠢ ᠶᠢᠨ ᠲᠣᠷᠤᠢ ᠬᠤᠳᠠᠯᠳᠤᠨ᠎ᠠ᠃ ᠣᠯᠠᠩᠬᠢ ᠭᠠᠳᠠᠷ ᠣᠷᠣᠨ ᠤ ᠵᠣᠴᠢᠨ ᠡᠷᠦᠬᠡ ᠪᠦᠷ ᠮᠠᠨ ᠤ ᠭᠡᠷ ᠤᠨ ᠭᠠᠭ᠋ᠠᠢ ᠶᠢᠨ ᠮᠢᠬᠠᠨ ᠳᠤ ᠳᠤᠷᠠᠲᠠᠢ ᠪᠠᠶᠢᠳᠠᠭ᠃ ᠡᠨᠡ ᠵᠢᠯ ᠤᠨ ᠭᠠᠭ᠋ᠠᠶ ᠶᠢᠨ ᠦᠨ᠎ᠡ ᠬᠠᠩᠰᠢ ᠨᠡᠯᠢᠶᠡᠳ ᠰᠠᠶᠢᠨ᠂ ᠵᠢᠩ ᠪᠦᠷᠢ ᠳᠤ ᠪᠠᠨ ᠨᠠᠢᠮᠠᠨ ᠲᠥᠭᠦᠷᠢᠭ ᠢᠯᠡᠭᠦᠦ᠂ ᠶᠢᠰᠦᠨ ᠲᠥᠭᠦᠷᠢᠭ ᠬᠤᠳᠠᠯᠳᠤᠵᠤ ᠳᠡᠶᠢᠯᠦᠨ᠎ᠡ︾ ᠭᠡᠵᠦ ᠤᠯᠠᠭᠠᠨᠬᠤᠲᠠ ᠶᠢᠨ ᠢᠯᠠᠯᠲᠠ ᠪᠠᠯᠭᠠᠰᠤᠨ ᠤ ᠱᠧᠩᠯᠢ ᠭᠠᠴᠠᠭᠠᠨ ᠤ ᠠᠷᠠᠳ ᠸᠠᠩ ᠴᠦᠨ ᠵᠢᠶᠠ ᠬᠡᠯᠡᠨ᠎ᠡ᠃
2024122309313169274.jpg
    ᠣᠲᠤᠬᠠᠨ ᠪᠣᠯᠲᠠᠯ᠎ᠠ᠂ ᠤᠯᠠᠭᠠᠨᠬᠤᠲᠠ ᠳᠤ ᠨᠡᠶᠢᠲᠡ 28 ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ 5000 ᠭᠠᠷᠤᠶ ᠲᠡᠵᠢᠭᠡᠨ ᠦᠷᠡᠵᠢᠭᠦᠯᠬᠦ ᠡᠷᠦᠬᠡ ᠲᠠᠢ᠂ ᠲᠡᠵᠢᠭᠡᠨ ᠦᠷᠡᠵᠢᠭᠦᠯᠬᠦ ᠲᠥᠷᠥᠯ ᠵᠦᠢᠯ ᠳᠤ ᠭᠠᠭ᠋ᠠᠶ᠂ ᠦᠬᠡᠷ᠂ ᠬᠤᠨᠢ᠂ ᠬᠡᠷ ᠤᠨ ᠵᠢᠭᠦᠷᠲᠡᠨ ᠵᠡᠷᠭᠡ ᠪᠠᠭᠲᠠᠨ᠎ᠠ᠃ ᠣᠯᠠᠨ ᠵᠢᠯ ᠤᠨ ᠲᠤᠷᠰᠢ᠂ ᠤᠯᠠᠭᠠᠨᠬᠤᠲᠠ ᠶᠢᠨ ᠡᠯ᠎ᠡ ᠪᠠᠯᠭᠠᠰᠤ᠂ ᠬᠦᠷᠢᠶᠡᠯᠡᠩ ᠲᠣᠭᠤᠷᠢᠭ ᠨᠢ ᠲᠤᠬᠠᠶ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ᠂ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠦᠨ ᠵᠢᠯᠣᠭᠤᠳᠴᠤ ᠤᠨᠴᠠᠯᠢᠬᠳᠤ ᠲᠡᠵᠢᠭᠡᠨ ᠦᠷᠡᠵᠢᠭᠦᠯᠬᠦ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号