| 12 ᠰᠠᠷ᠎ᠠ ᠶᠢᠨ 6 ᠤ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ ᠳᠥᠴᠢᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠤᠯᠠᠭᠠᠨᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠤ᠂ ᠤᠯᠠᠭᠠᠨᠬᠤᠲᠠ ᠶᠢᠨ ᠤᠳᠤᠷᠢᠳᠤᠯᠭ᠎ᠠ ᠭᠤᠸᠠᠨ ᠹᠧᠩ᠂ ᠪᠦᠦ ᠭᠦᠸᠧ ᠵᠥᠩ᠂ ᠽᠦᠸᠧ ᠶᠠᠨ᠂ ᠯᠢᠦ | ᠬᠤᠩ ᠪᠥᠸᠧ᠂ ᠸᠠᠩ ᠭᠦᠸᠧ ᠠᠨ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠲᠤᠰ | ᠬᠤᠷᠠᠯ ᠳᠤ ᠣᠷᠣᠯᠴᠠᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠤᠯᠤᠰ ᠤᠨ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠬᠤᠲᠠ ᠶᠢᠨ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠤᠨ ᠪᠢᠴᠢᠭ ᠮᠠᠲ᠋ᠧᠷᠢᠶᠠᠯ ᠢ | ᠤᠩᠰᠢᠨ ᠨᠡᠶᠢᠲᠡᠯᠡᠵᠦ᠂ ︽ᠤᠯᠠᠭᠠᠨᠬᠤᠲᠠ ᠶᠢᠨ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ᠤᠯᠠᠭᠠᠨᠬᠤᠲᠠ ᠶᠢᠨ ︿ᠭᠤᠷᠪᠠᠨ ᠤᠮᠠᠷᠠᠲᠤ﹀ ᠶᠢᠨ | ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠥᠪᠵᠢᠭᠦᠯᠭᠡ ︵2021 - 2030 ᠣᠨ︶︾ ᠵᠡᠷᠭᠡ | ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠨ᠂ 2025 — 2030 ᠣᠨ ᠤ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠪᠠ 2025 ᠣᠨ ᠤ ᠲᠥᠪ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠭᠡᠯ ᠤᠨ | ᠡᠭᠦᠷᠭᠡ ᠶᠢ ᠵᠣᠯᠭᠠᠭᠤᠯᠬᠤ ᠪᠠᠯᠠ ᠮᠥᠩᠭᠦ ᠶᠢᠨ ᠲᠥᠷᠥᠯ ᠵᠦᠢᠯ ᠵᠡᠷᠭᠡ ᠬᠠᠮᠢᠶ᠎ᠠ ᠪᠥᠬᠦᠶ ᠵᠦᠢᠯᠡᠰ ᠢ ᠰᠤᠳᠤᠯᠪᠠ᠃ | ᠬᠤᠷᠠᠯ ᠠᠴᠠ᠂ ᠠᠵᠤ ᠦᠢᠯᠡᠰ᠂ ᠡᠨᠧᠷᠭᠢ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ | ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠦᠭᠡᠮᠡᠯᠵᠢᠭᠦᠯᠵᠦ᠂ | ᠪᠦᠬᠦ ᠠᠷᠠᠳ ᠢᠶᠠᠷ ᠢᠶᠠᠨ ᠬᠠᠮᠲᠤ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠬᠤ | ᠬᠡᠷᠡᠭᠲᠡᠢ᠃ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠪᠦᠬᠦ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ | ᠮᠠᠯᠵᠢᠬᠤ ᠠᠵᠢᠯ ᠢ ᠯᠠᠪᠳᠠᠭᠤᠨ ᠢᠶᠠᠷ ᠥᠷᠨᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ᠳᠡᠭᠡᠳᠦ ᠱᠠᠲᠤᠨ ᠤ ᠵᠣᠯᠭᠠᠭᠤᠯᠬᠤ ᠪᠡᠯᠡ | ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠲᠦᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠮᠠᠯ ᠠᠵᠤ | ᠠᠬᠤᠢ᠂ ᠬᠦᠷᠢᠶ᠎ᠡ ᠬᠠᠰᠢᠶᠠᠨ ᠤ ᠠᠵᠤ ᠠᠬᠤᠢ ᠵᠡᠷᠭᠡ ᠤᠨᠴᠠᠯᠢᠬᠳᠤ ᠠᠵᠤ ᠦᠢᠯᠡᠰ ᠤᠨ ᠲᠦᠷᠦᠯ ᠵᠦᠢᠯ ᠢ | ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠬᠡᠷᠡᠭᠵᠢᠭᠦᠯᠵᠦ᠂ ᠪᠦᠬᠦ ᠬᠤᠳᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠠᠵᠤ ᠠᠬᠤᠶ ᠶᠢᠨ ᠬᠦᠢᠴᠡᠳᠬᠡᠯ ᠲᠤᠭ᠎ᠠ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠭᠠᠷᠳᠠᠮ ᠢ ᠬᠦᠢᠴᠡᠳᠬᠡᠬᠦ᠂ ᠠᠶᠤᠯᠭᠦᠶ ᠦᠢᠯᠡᠳᠪᠦᠷᠢᠯᠡᠯ᠂ | ᠡᠪᠦᠯ ᠤᠨ ᠤᠯᠠᠷᠢᠯ ᠤᠨ ᠵᠢᠭᠤᠯᠴᠢᠯᠠᠯ ᠵᠡᠷᠭᠡ ᠡᠯ᠎ᠡ ᠬᠦᠷᠢᠶᠡᠨ ᠤ ᠭᠤᠤᠯᠳᠠᠯᠭ᠎ᠠ ᠲᠠᠢ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃ |