| | ᠡᠨᠡ ᠵᠢᠯ ᠠᠴᠠ ᠨᠠᠭᠠᠰᠢ᠂ ᠤᠯᠠᠭᠠᠨᠬᠤᠲᠠ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠵᠣᠯᠭᠠᠭᠤᠯᠬᠤ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠪᠠ ᠬᠠᠮᠢᠶᠠᠷᠤᠯᠲᠠ ᠶᠢᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠥᠷᠥᠯ ᠵᠦᠢᠯ ᠤᠨ ᠪᠠᠯᠠ ᠮᠥᠩᠭᠦ ᠶᠢᠨ ᠳᠠᠶᠢᠴᠢᠯᠠᠬᠤ ᠪᠠ ᠠᠬᠢᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠲᠣᠭᠲᠠᠭᠤᠨ ᠢᠶᠠᠷ ᠰᠢᠯᠵᠢᠭᠦᠯᠬᠦ᠂ ᠪᠦᠲᠦᠮᠵᠢᠲᠡᠶ ᠵᠣᠯᠭᠠᠭᠤᠯᠬᠤ ᠶᠢ ᠪᠥᠬᠦ ᠬᠦᠴᠦᠨ ᠢᠶᠠᠷ ᠠᠬᠢᠭᠤᠯᠵᠤ ᠪᠠᠶᠢᠨ᠎ᠠ᠃ | | | | | | | ᠰᠣᠷᠪᠣᠯᠵᠢᠯᠠᠭᠴᠢ ᠤᠯᠠᠭᠠᠨᠬᠠᠳᠠ ᠥᠨᠳᠥᠷ ᠪᠠᠷᠢᠮᠵᠢᠶᠠᠲᠤ ᠲᠥᠬᠦᠭᠡᠷᠦᠮᠵᠢᠲᠦ ᠲᠠᠷᠢᠶᠠᠯᠠᠩ ᠤᠨ ᠲᠣᠭᠤᠷᠢᠭ ᠤᠨ | ᠬᠤᠶᠠᠳᠤᠭᠠᠷ ᠬᠤᠭᠤᠴᠠᠭ᠎ᠠ ᠳᠠᠬᠢ ᠬᠦᠯᠡᠮᠵᠢ ᠪᠠᠷ ᠬᠦᠷᠬᠦ ᠳᠤ᠂ ᠰᠠᠭᠤᠷᠢ ᠰᠠᠭᠤᠷᠢ ᠲᠥᠪᠡᠳ ᠬᠠᠰᠢ ᠶᠢᠨ ᠤᠷᠭᠤᠴᠠ | ᠮᠠᠰᠢ ᠰᠠᠶᠢᠨ ᠪᠠᠶᠢᠵᠤ᠂ ᠣᠶᠤᠨᠴᠢ ᠤᠰᠤ ᠪᠣᠷᠳᠣᠭᠤᠷ ᠤᠨ ᠨᠢᠭᠡ ᠴᠣᠭᠴᠠᠲᠤ ᠮᠠᠰᠢᠨ᠂ ᠠᠦ᠋ᠲ᠋ᠣ᠋ ᠡᠮ ᠰᠠᠴᠤᠬᠤ | ᠮᠠᠰᠢᠨ ᠵᠡᠷᠭᠡ ᠣᠶᠤᠨᠴᠢᠯᠠᠭᠰᠠᠨ ᠲᠥᠬᠦᠭᠡᠷᠦᠮᠵᠢ ᠶᠠᠭ ᠡᠮᠬᠢ ᠵᠢᠷᠤᠮ ᠲᠠᠢ ᠠᠵᠢᠯᠯᠠᠵᠤ ᠪᠠᠶᠢᠯ᠎ᠠ᠃ 2024 ᠣᠨ ᠳᠤ | ᠂ ᠤᠯᠠᠭᠠᠨᠬᠠᠳᠠ ᠪᠠᠯᠭᠠᠰᠤ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠣᠯᠭᠠᠭᠤᠯᠬᠤ ᠪᠠᠯᠠ | ᠮᠥᠩᠭᠦ ᠶᠢ ᠬᠡᠷᠡᠭᠯᠡᠨ ᠥᠨᠳᠥᠷ ᠪᠠᠷᠢᠮᠵᠢᠶᠠᠲᠤ ᠲᠦᠬᠦᠭᠡᠷᠦᠮᠵᠢᠲᠦ ᠲᠠᠷᠢᠶᠠᠯᠠᠩ ᠤᠨ ᠲᠣᠭᠤᠷᠢᠭ ᠤᠨ ᠬᠤᠶᠠᠳᠤᠭᠠᠷ | ᠬᠤᠭᠤᠴᠠᠭ᠎ᠠ ᠶᠢ ᠰᠢᠨ᠎ᠡ ᠪᠠᠷ ᠪᠠᠶᠢᠭᠤᠯᠵᠤ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | | | | | | | | | ᠤᠯᠠᠭᠠᠨᠬᠠᠳᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠲᠥᠷᠥᠯ ᠵᠦᠢᠯ ᠤᠨ | ᠬᠠᠷᠢᠭᠤᠴᠠᠯᠭᠠᠲᠠᠨ ᠮᠢ ᠵᠠᠨ ᠶᠤᠸᠠᠨ᠄ ︽ᠡᠨᠡ ᠵᠢᠯ ᠥᠨᠳᠥᠷ ᠪᠠᠷᠢᠮᠵᠢᠶᠠᠲᠤ ᠲᠥᠬᠦᠭᠡᠷᠦᠮᠵᠢᠲᠦ ᠲᠠᠷᠢᠶᠠᠯᠠᠩ ᠤᠨ | ᠲᠣᠭᠤᠷᠢᠭ ᠤᠨ ᠬᠤᠶᠠᠳᠤᠭᠠᠷ ᠬᠤᠭᠤᠴᠠᠭᠠᠨ ᠳᠠᠬᠢ ᠲᠥᠷᠥᠯ ᠵᠦᠢᠯ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ | ᠬᠤᠶᠠᠳᠤᠭᠠᠷ ᠬᠤᠭᠤᠴᠠᠭᠠᠨ ᠳᠠᠬᠢ ᠶᠡᠷᠦᠩᠬᠡᠶ ᠲᠠᠯᠠᠪᠠᠶ ᠨᠢ 12 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠂ | ᠡᠭᠦᠨ ᠳᠤ ᠡᠪᠦᠯ ᠤᠨ ᠳᠤᠯᠠᠭᠠᠨ ᠬᠡᠯᠪᠡᠷᠢ ᠶᠢᠨ ᠨᠡᠷᠡᠨ ᠬᠡᠷᠡᠯ ᠤᠨ ᠳᠤᠯᠠᠭᠠᠨ ᠬᠦᠯᠡᠮᠵᠢ 17 ᠰᠠᠭᠤᠷᠢ᠂ ᠭᠤᠯᠳᠤᠩ | ᠬᠡᠯᠪᠡᠷᠢ ᠶᠢᠨ ᠰᠡᠷᠢᠭᠦᠨ ᠬᠦᠯᠡᠮᠵᠢ 5 ᠰᠠᠭᠤᠷᠢ᠂ ᠳᠠᠷᠢᠬᠤ ᠲᠥᠷᠥᠯ ᠵᠦᠢᠯ ᠨᠢ ᠭᠤᠤᠯᠳᠠᠭᠤ ᠴᠢᠨᠠᠷ ᠰᠠᠶᠢᠲᠠᠢ ᠨᠠᠷᠰᠤ | ᠪᠠ ᠲᠥᠪᠡᠳ ᠬᠠᠰᠢ ᠪᠣᠯᠤᠨ᠎ᠠ᠂ ᠵᠢᠱᠢᠯᠲᠡ ᠪᠠᠷ ᠢᠷᠡᠬᠦ ᠵᠢᠯ ᠤᠨ 3 ᠰᠠᠷ᠎ᠠ ᠳᠤ ᠵᠠᠬ᠎ᠠ ᠳᠡᠯᠭᠡᠭᠦᠷ ᠲᠤ ᠭᠠᠷᠭᠠᠵᠤ᠂ | ᠵᠢᠯ ᠤᠨ ᠣᠷᠣᠯᠭ᠎ᠠ 350 ᠲᠦᠮᠡᠨ ᠲᠥᠭᠦᠷᠢᠭ ᠲᠤ ᠬᠦᠷᠬᠦ ᠪᠣᠯᠤᠨ᠎ᠠ︾ ᠭᠡᠵᠦ ᠰᠣᠷᠪᠤᠯᠵᠢᠯᠠᠭᠴᠢ ᠳᠤ ᠶᠠᠷᠢᠵᠤ | ᠪᠠᠶᠢᠯ᠎ᠠ᠃ | | | | | | | | | | | ᠡᠳᠦᠭᠡ᠂ ᠡᠯ᠎ᠡ ᠱᠠᠲᠤᠨ ᠤ ᠵᠣᠯᠭᠠᠭᠤᠯᠬᠤ ᠪᠡᠯᠡ ᠮᠥᠩᠭᠦᠨ ᠤ ᠳᠡᠮᠵᠢᠯᠭᠡ ᠳᠣᠣᠷ᠎ᠠ᠂ ᠤᠯᠠᠭᠠᠨᠬᠠᠳᠠ ᠶᠢᠨ | ᠥᠨᠳᠥᠷ ᠪᠠᠷᠢᠮᠵᠢᠶᠠᠲᠤ ᠲᠥᠬᠦᠭᠡᠷᠦᠮᠵᠢᠲᠦ ᠲᠠᠷᠢᠶᠠᠯᠠᠩ ᠤᠨ ᠲᠣᠭᠤᠷᠢᠭ ᠲᠤ ᠨᠢᠭᠡᠨᠲᠡ ᠣᠶᠤᠨᠴᠢ ᠨᠡᠷᠡᠨ ᠭᠡᠷᠡᠯ ᠤᠨ | ᠬᠦᠯᠡᠮᠵᠢ 6.79 ᠲᠦᠮᠡᠨ ᠲᠡᠭᠰᠢ ᠳᠥᠷᠪᠡᠯᠵᠢᠨ ᠮᠧᠲᠷ᠂ 3.2 ᠲᠦᠮᠡᠨ ᠲᠡᠭᠰᠢ ᠳᠥᠷᠪᠡᠯᠵᠢᠨ ᠮᠧᠲᠷ ᠰᠡᠷᠢᠭᠦᠨ | ᠫᠧᠩ ᠪᠠᠶᠢᠭᠤᠯᠤᠭᠰᠠᠨ ᠤ ᠬᠠᠮᠲᠤ ︽ᠤᠶᠤᠨᠲᠤ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠲᠠᠪᠴᠠᠩ︾ ᠢᠶᠠᠷ | ᠳᠠᠮᠵᠢᠭᠤᠯᠤᠨ ᠲᠠᠷᠢᠮᠠᠯ ᠤᠨ ᠡᠯ᠎ᠡ ᠵᠠᠩᠭᠢᠯᠠᠭ᠎ᠠ ᠶᠢᠨ ᠨᠠᠷᠢᠯᠢᠭ ᠣᠨᠣᠴᠠᠲᠠᠶ ᠬᠠᠮᠢᠶᠠᠷᠤᠯᠲᠠ ᠶᠢ ᠪᠡᠶᠡᠯᠡᠭᠦᠯᠪᠡ᠃ | ᠣᠳᠣᠬᠠᠨ ᠳᠤ᠂ ᠲᠣᠭᠤᠷᠢᠭ ᠤᠨ ᠦᠢᠯᠡᠳᠪᠦᠷᠢᠯᠡᠭᠰᠡᠨ ᠵᠢᠮᠢᠰ ᠨᠣᠭᠤᠭ᠎ᠠ ᠨᠢᠭᠡᠨᠲᠡ ᠲᠣᠰ ᠭᠠᠵᠠᠷ ᠤᠨ ᠲᠣᠮᠣ | ᠬᠡᠯᠪᠡᠷᠢ ᠶᠢᠨ ᠬᠡᠯᠬᠢᠲᠦ ᠬᠤᠳᠠᠯᠳᠤᠭᠠᠨ ᠤ ᠴᠢᠯᠦᠭᠡᠲᠦ ᠳᠡᠯᠭᠡᠭᠦᠷ ᠪᠣᠯᠤᠨ ᠮᠧᠢ ᠲᠤᠸᠠᠨ ᠵᠡᠷᠭᠡ ᠰᠦᠯᠵᠢᠶᠡᠨ ᠳᠡᠭᠡᠷᠡᠬᠢ | ᠪᠠ ᠰᠦᠯᠵᠢᠶᠡᠨ ᠭᠠᠳᠠᠨᠠᠬᠢ ᠲᠠᠪᠴᠠᠩ ᠳᠤ ᠳᠡᠭᠡᠷ᠎ᠡ ᠪᠣᠷᠣᠯᠠᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ | ᠣᠷᠣᠯᠭ᠎ᠠ ᠶᠢ ᠨᠡᠶᠢᠲᠡ 210 ᠲᠦᠮᠡᠨ ᠲᠥᠭᠦᠷᠢᠭ ᠨᠡᠮᠡᠭᠳᠡᠭᠦᠯᠵᠦ᠂ ᠡᠷᠬᠢᠨ ᠲᠣᠭᠤᠷᠢᠨ ᠤ 120 ᠭᠠᠷᠤᠶ ᠮᠠᠯᠴᠢᠨ | ᠲᠠᠷᠢᠶᠠᠴᠢᠨ ᠢ ᠳᠠᠶᠢᠴᠢᠯᠠᠨ ᠠᠵᠢᠯ ᠣᠯᠭᠤᠪᠠ᠃ | ︽ᠬᠦᠯᠡᠮᠵᠢ ᠶᠢᠨ ᠠᠵᠤ ᠠᠬᠤᠶ︾ ᠨᠢ ᠬᠥᠳᠡᠭᠡ ᠲᠣᠰᠬᠤᠨ ᠤ ᠠᠵᠤ ᠦᠢᠯᠡᠰ ᠤᠨ ᠤᠨ ᠬᠥᠭᠵᠢᠯᠲᠡ ᠶᠢ | ᠠᠬᠢᠭᠤᠯᠬᠤ ᠶᠢᠨ ᠬᠠᠮᠲᠤ ᠪᠠᠰᠠ ᠲᠤᠬᠠᠶ ᠶᠢᠨ ᠭᠠᠵᠠᠷ ᠤᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠪᠠ᠃ ᠤᠯᠠᠭᠠᠨᠬᠠᠳᠠ ᠪᠠᠯᠭᠠᠰᠤᠨ ᠤ ᠭᠤᠤ ᠶᠢᠨ ᠠᠶᠢᠯ ᠭᠠᠴᠠᠭ᠎ᠠ ᠳᠤ ᠰᠠᠭᠤᠭ᠎ᠠ | ᠭᠠᠴᠠᠭᠠᠨ ᠤ ᠠᠷᠠᠳ ᠵᠠᠩ ᠶᠦᠨ ᠰᠢᠤ ᠶᠢᠨ ᠬᠢᠨ ᠭᠡᠷ ᠪᠦᠯᠢ ᠶᠢᠨ ᠰᠢᠯᠲᠠᠭᠠᠨ ᠠᠴᠠ ᠪᠤᠯᠵᠤ᠂ ᠭᠠᠳᠠᠭᠰᠢ ᠭᠠᠷᠴᠤ | ᠬᠥᠯᠥᠰᠥᠨ ᠠᠵᠢᠯ ᠬᠢᠬᠦ ᠶᠢᠨ ᠠᠷᠭ᠎ᠠ ᠦᠭᠡᠢ᠂ ᠭᠡᠷ ᠤᠨ ᠡᠭᠦᠳᠡᠨ ᠳᠠᠬᠢ ᠥᠨᠳᠥᠷ ᠪᠠᠷᠢᠮᠵᠢᠶᠠᠲᠤ ᠲᠥᠬᠦᠭᠡᠷᠦᠮᠵᠢᠲᠦ | ᠲᠠᠷᠢᠶᠠᠯᠠᠩ ᠤᠨ ᠲᠣᠭᠤᠷᠢᠭ ᠨᠢ ᠲᠡᠭᠦᠨ ᠤ ᠣᠶᠢᠷ᠎ᠠ ᠬᠠᠪᠢ ᠳᠠᠭᠠᠨ ᠠᠵᠢᠯ ᠣᠯᠬᠤ ᠬᠦᠰᠡᠯ ᠢ ᠪᠡᠶᠡᠯᠡᠭᠦᠯᠵᠡᠢ᠃ | | | | | | | | | ︽ᠪᠢ ᠣᠶᠢᠷ᠎ᠠ ᠬᠠᠪᠢ ᠶᠢᠨ ᠭᠠᠴᠠᠭᠠᠨ ᠳᠤ ᠠᠮᠢᠳᠤᠷᠠᠳᠠᠭ᠂ ᠤᠤᠯ ᠨᠢ ᠴᠥᠮ ᠭᠠᠳᠠᠨ᠎ᠠ ᠭᠠᠷᠴᠤ ᠰᠤᠯᠠ | ᠠᠵᠢᠯ ᠬᠢᠵᠦ᠂ ᠣᠷᠣᠯᠭ᠎ᠠ ᠨᠢ ᠴᠦ ᠲᠣᠭᠲᠠᠭᠤᠨ ᠪᠢᠰᠢ᠂ ᠣᠳᠣ ᠭᠡᠷ ᠤᠨ ᠡᠭᠦᠳᠡᠨ ᠳᠠᠬᠢ ᠲᠥᠬᠦᠭᠡᠷᠦᠮᠵᠢᠲᠦ | ᠲᠠᠷᠢᠶᠠᠯᠠᠩ ᠤᠨ ᠲᠣᠭᠤᠷᠢᠭ ᠲᠤ ᠬᠥᠯᠥᠰᠥᠨ ᠠᠵᠢᠯ ᠬᠢᠵᠦ᠂ ᠠᠵᠢᠯ ᠲᠣᠭᠲᠠᠪᠤᠷᠢᠲᠠᠢ ᠮᠥᠷᠲᠡᠭᠡᠨ ᠭᠡᠷ ᠢᠶᠠᠨ | ᠬᠠᠷᠠᠭᠠᠯᠵᠠᠵᠤ᠂ ᠨᠢᠭᠡ ᠡᠳᠦᠷ ᠲᠤ 100 ᠭᠠᠷᠤᠶ ᠲᠥᠭᠦᠷᠢᠭ ᠣᠯᠵᠤ ᠪᠠᠶᠢᠨ᠎ᠠ᠂ ᠪᠢ ᠮᠠᠰᠢ ᠬᠠᠨᠤᠮᠵᠢᠲᠠᠢ ᠪᠠᠶᠢᠨ᠎ᠠ︾ | ᠭᠡᠵᠦ ᠭᠤᠤ ᠶᠢᠨ ᠠᠶᠢᠯ ᠭᠠᠴᠠᠭᠠᠨ ᠤ ᠠᠷᠠᠳ ᠵᠠᠩ ᠶᠦᠨ ᠰᠢᠦ ᠬᠡᠯᠡᠨ᠎ᠡ᠃ | 2024 ᠣᠨ ᠳᠤ᠂ ᠤᠯᠠᠭᠠᠨᠬᠤᠲᠠ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠬᠦ᠂ ᠪᠡᠯᠡ | ᠮᠥᠩᠭᠦ ᠶᠢᠨ ᠬᠡᠷᠡᠭᠯᠡᠯᠲᠡ ᠶᠢ ᠰᠢᠯᠢᠳᠡᠭᠵᠢᠭᠦᠯᠬᠦ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠵᠣᠯᠭᠠᠭᠤᠯᠬᠤ ᠪᠡᠯᠡ ᠮᠥᠩᠭᠦ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠠᠬᠢ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠬᠤᠳᠠ ᠶᠢᠨ 61 ᠭᠠᠴᠠᠭ᠎ᠠ ᠲᠣᠰᠬᠤᠨ ᠤ ᠤᠨᠴᠠᠯᠢᠬᠳᠤ ᠠᠵᠤ | ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠲᠠᠷᠢᠶᠠᠴᠢᠳ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠵᠡᠷᠭᠡ ᠤᠯᠠᠨ ᠬᠦᠷᠢᠶᠡᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠢ | ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠳᠡ ᠦᠭᠡᠢ | ᠠᠮᠢᠵᠢᠷᠠᠯ ᠤᠨ ᠬᠦᠴᠦᠨ ᠨᠡᠮᠡᠷᠢᠯᠡᠪᠡ᠃ |