ᠤᠯᠠᠭᠠᠨᠬᠤᠲᠠ ᠬᠥᠭᠵᠢᠯᠲᠡ ᠶᠢᠨ ᠪᠠᠯᠠ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/12/25
     ᠡᠨᠡ ᠵᠢᠯ ᠠᠴᠠ ᠨᠠᠭᠠᠰᠢ᠂ ᠤᠯᠠᠭᠠᠨᠬᠤᠲᠠ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠣᠯᠭᠠᠭᠤᠯᠬᠤ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠥᠷᠥᠯ ᠵᠦᠢᠯ ᠤᠨ ᠪᠠᠯᠠ ᠮᠥᠩᠭᠦ ᠶᠢᠨ ᠳᠠᠶᠢᠴᠢᠯᠠᠬᠤ ᠪᠠ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠣᠭᠲᠠᠭᠤᠨ ᠢᠶᠠᠷ ᠰᠢᠯᠵᠢᠭᠦᠯᠬᠦ᠂ ᠪᠦᠲᠦᠮᠵᠢᠲᠡᠶ ᠵᠣᠯᠭᠠᠭᠤᠯᠬᠤ ᠶᠢ ᠪᠥᠬᠦ ᠬᠦᠴᠦᠨ ᠢᠶᠠᠷ ᠠᠬᠢᠭᠤᠯᠵᠤ ᠪᠠᠶᠢᠨ᠎ᠠ᠃
2024122409532142254.png
2024122409531049985.png
     ᠰᠣᠷᠪᠣᠯᠵᠢᠯᠠᠭᠴᠢ ᠤᠯᠠᠭᠠᠨᠬᠠᠳᠠ ᠥᠨᠳᠥᠷ ᠪᠠᠷᠢᠮᠵᠢᠶᠠᠲᠤ ᠲᠥᠬᠦᠭᠡᠷᠦᠮᠵᠢᠲᠦ ᠲᠠᠷᠢᠶᠠᠯᠠᠩ ᠤᠨ ᠲᠣᠭᠤᠷᠢᠭ ᠤᠨ ᠬᠤᠶᠠᠳᠤᠭᠠᠷ ᠬᠤᠭᠤᠴᠠᠭ᠎ᠠ ᠳᠠᠬᠢ ᠬᠦᠯᠡᠮᠵᠢ ᠪᠠᠷ ᠬᠦᠷᠬᠦ ᠳᠤ᠂ ᠰᠠᠭᠤᠷᠢ ᠰᠠᠭᠤᠷᠢ ᠲᠥᠪᠡᠳ ᠬᠠᠰᠢ ᠶᠢᠨ ᠤᠷᠭᠤᠴᠠ ᠮᠠᠰᠢ ᠰᠠᠶᠢᠨ ᠪᠠᠶᠢᠵᠤ᠂ ᠣᠶᠤᠨᠴᠢ ᠤᠰᠤ ᠪᠣᠷᠳᠣᠭᠤᠷ ᠤᠨ ᠨᠢᠭᠡ ᠴᠣᠭᠴᠠᠲᠤ ᠮᠠᠰᠢᠨ᠂ ᠠᠦ᠋ᠲ᠋ᠣ᠋ ᠡᠮ ᠰᠠᠴᠤᠬᠤ ᠮᠠᠰᠢᠨ ᠵᠡᠷᠭᠡ ᠣᠶᠤᠨᠴᠢᠯᠠᠭᠰᠠᠨ ᠲᠥᠬᠦᠭᠡᠷᠦᠮᠵᠢ ᠶᠠᠭ ᠡᠮᠬᠢ ᠵᠢᠷᠤᠮ ᠲᠠᠢ ᠠᠵᠢᠯᠯᠠᠵᠤ ᠪᠠᠶᠢᠯ᠎ᠠ᠃ 2024 ᠣᠨ ᠳᠤ ᠂ ᠤᠯᠠᠭᠠᠨᠬᠠᠳᠠ ᠪᠠᠯᠭᠠᠰᠤ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠵᠣᠯᠭᠠᠭᠤᠯᠬᠤ ᠪᠠᠯᠠ ᠮᠥᠩᠭᠦ ᠶᠢ ᠬᠡᠷᠡᠭᠯᠡᠨ ᠥᠨᠳᠥᠷ ᠪᠠᠷᠢᠮᠵᠢᠶᠠᠲᠤ ᠲᠦᠬᠦᠭᠡᠷᠦᠮᠵᠢᠲᠦ ᠲᠠᠷᠢᠶᠠᠯᠠᠩ ᠤᠨ ᠲᠣᠭᠤᠷᠢᠭ ᠤᠨ ᠬᠤᠶᠠᠳᠤᠭᠠᠷ ᠬᠤᠭᠤᠴᠠᠭ᠎ᠠ ᠶᠢ ᠰᠢᠨ᠎ᠡ ᠪᠠᠷ ᠪᠠᠶᠢᠭᠤᠯᠵᠤ᠂ ᠲᠤᠬᠠᠶ ᠶᠢᠨ ᠭᠠᠵᠠᠷ ᠤᠨ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃
2024122409524580299.png
2024122409525976144.png
 
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号