| 11 ᠰᠠᠷ᠎ᠠ ᠶᠢᠨ 18 ᠤ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ ᠭᠤᠴᠢ ᠶᠢᠰᠤᠳᠤᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ | ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠤ᠂ ᠤᠯᠠᠭᠠᠨᠬᠤᠲᠠ ᠶᠢᠨ ᠤᠳᠤᠷᠢᠳᠤᠯᠭ᠎ᠠ ᠮᠠ ᠱᠦ ᠭᠠᠩ᠂ ᠭᠤᠸᠠᠨ ᠹᠧᠩ᠂ ᠽᠦᠸᠧ ᠶᠠᠨ | ᠂ ᠯᠢᠦ ᠬᠤᠩ ᠪᠥᠸᠧ᠂ ᠸᠠᠩ ᠭᠦᠸᠧ ᠠᠨ᠂ ᠵᠠᠩ ᠵᠢᠩ ᠵᠢᠩ᠂ ᠸᠠᠩ ᠬᠠᠶ ᠵᠢᠶᠠᠩ ᠵᠢᠴᠢ ᠬᠠᠮᠢᠶ᠎ᠠ ᠪᠥᠬᠦᠶ | ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠤᠯᠤᠰ ᠤᠨ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ︽ᠤᠯᠠᠭᠠᠨᠬᠤᠲᠠ ᠶᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠵᠠᠰᠠᠬᠤ ᠶᠢ ᠬᠡᠷᠡᠭᠵᠢᠭᠦᠯᠬᠦ ᠲᠥᠰᠦᠯ︾᠂ ︽2024 | ᠤᠯᠠᠭᠠᠨᠬᠤᠲᠠ ᠶᠢᠨ ᠳᠣᠯᠣᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠤᠨ | ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠨ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠬᠥᠳᠡᠯᠦᠩᠭᠦᠶ ᠲᠣᠬᠢᠷᠠᠭᠤᠯᠤᠯᠲᠠ ᠶᠢᠨ ᠠᠭᠤᠯᠭ᠎ᠠ ᠵᠢᠴᠢ ᠪᠠᠯᠭᠠᠰᠤ | ︵ᠵᠡᠭᠡᠯᠢ︶ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ᠂ ᠰᠢᠨ ᠴᠤᠸᠠᠨ ᠬᠤᠲᠠ ᠶᠢᠨ ᠪᠠᠯᠠ | ᠣᠷᠣᠭᠤᠯᠤᠯᠲᠠ ᠶᠢᠨ ᠺᠣᠮᠫᠠᠨᠢ ᠪᠣᠯᠤᠨ ᠰᠢᠨ ᠴᠤᠸᠠᠨ ᠢᠯᠴᠢ ᠶᠢᠨ ᠬᠦᠴᠦᠨ ᠤ ᠺᠣᠮᠫᠠᠨᠢ ᠶᠢ ᠨᠡᠶᠢᠯᠡᠬᠦᠯᠤᠨ ᠳᠠᠬᠢᠨ | ᠪᠠᠶᠢᠭᠤᠯᠬᠤ᠂ ᠬᠤᠪᠢᠶᠠᠷᠢᠯᠠᠨ ᠰᠢᠯᠵᠢᠭᠦᠯᠬᠦ᠂ ᠬᠦᠴᠦᠨ ᠥᠬᠡᠶ ᠪᠣᠯᠭᠠᠬᠤ ᠵᠢᠴᠢ ᠮᠧᠩ ᠨᠧᠩ ᠢᠯᠴᠢ ᠴᠠᠬᠢᠯᠭᠠᠨ ᠤ | ᠺᠣᠮᠫᠠᠨᠢ ᠶᠢᠨ ᠰᠢᠨ ᠴᠤᠸᠠᠨ ᠢᠯᠴᠢ ᠶᠢᠨ ᠬᠦᠴᠦᠨ ᠤ ᠺᠣᠮᠫᠠᠨᠢ ᠳᠤ ᠪᠥᠭᠡᠮ ᠢᠶᠠᠷ ᠢᠯᠴᠢ ᠬᠠᠩᠭᠠᠬᠤ ᠵᠡᠷᠭᠡ ᠬᠠᠮᠢᠶ᠎ᠠ | ᠪᠥᠬᠦᠶ ᠵᠦᠢᠯᠡᠰ ᠢ ᠰᠤᠳᠤᠯᠪᠠ᠃ ᠬᠤᠷᠠᠯ ᠠᠴᠠ᠂ ᠡᠯ᠎ᠡ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠢ ᠶᠢᠨ ᠬᠢᠨ | ᠣᠨ ᠤ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠤ ᠶᠡᠷᠤᠩᠬᠡᠶᠢᠯᠡᠭᠰᠡᠨ | ᠰᠤᠳᠤᠯᠤᠨ ᠮᠠᠭᠠᠳᠯᠠᠯᠲᠠ᠂ ᠤᠨᠢᠨ ᠳᠡᠭᠡᠷ᠎ᠡ ᠨᠢ ᠲᠤᠬᠢᠷᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠤ | ᠠᠬᠤᠢ ᠶᠢᠨ ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠬᠡᠷᠡᠭᠲᠡᠢ᠃ ᠳᠡᠭᠡᠳᠦ ᠱᠠᠲᠤᠨ ᠤ | ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ | ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠪᠠᠨ ᠢᠳᠡᠪᠬᠢᠲᠡᠢ ᠴᠢᠯᠥᠭᠡᠯᠡᠵᠦ᠂ ᠡᠯ᠎ᠡ ᠬᠦᠷᠢᠶᠡᠨ ᠤ | ᠭᠤᠣᠯᠳᠠᠯᠭ᠎ᠠ ᠲᠠᠢ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠡᠩ ᠤᠯᠠᠨ ᠲᠦᠷᠦ ᠶᠢᠨ | ᠪᠤᠳᠤᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠬᠤ ᠬᠡᠷᠡᠭᠲᠡᠢ᠃ ︽ᠲᠠᠪᠤᠨ ᠶᠠᠭᠤ︾ ᠶᠢᠨ | ᠲᠣᠭᠤᠷᠢᠨ ᠳᠤ᠂ ᠪᠥᠬᠦ ᠬᠤᠲᠠ ᠶᠢᠨ ︽ᠨᠢᠭᠡ ᠬᠦᠷᠢᠶᠡᠯᠡᠩ᠂ ᠬᠤᠶᠠᠷ ᠵᠡᠭᠡᠯᠢ᠂ ᠣᠯᠠᠨ ᠴᠡᠭ︾ ᠤᠨ ᠡᠪᠦᠯ ᠤᠨ | ᠤᠯᠠᠷᠢᠯ ᠤᠨ ᠵᠢᠭᠤᠯᠴᠢᠯᠠᠯ ᠤᠨ ᠪᠠᠶᠢᠷᠢᠰᠢᠯ ᠤᠨ ᠲᠣᠭᠤᠷᠢᠨ ᠳᠤ᠂ ᠪᠠᠶᠠᠨᠴᠠᠭᠠᠨ ᠮᠥᠰᠥ ᠴᠠᠰᠤᠨ ᠤ ᠴᠡᠩᠭᠡᠯ ᠤᠨ | ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠡᠮᠦᠨ᠎ᠡ ᠵᠡᠭᠡᠯᠢ ᠶᠢᠨ ᠶᠠᠪᠠᠭᠠᠨ ᠵᠡᠭᠡᠯᠢ᠂ ᠰᠠᠨ | ᠾᠧ ᠠᠷᠠᠳ ᠤᠨ ᠵᠠᠩ ᠦᠢᠯᠡ ᠶᠢᠨ ᠶᠠᠪᠠᠭᠠᠨ ᠵᠡᠭᠡᠯᠢ ᠶᠢ ᠤᠷᠢᠳᠴᠢᠯᠠᠨ ᠪᠠᠶᠢᠷᠢᠯᠠᠭᠤᠯᠵᠤ᠂ ᠬᠥᠳᠡᠭᠡ ᠲᠣᠰᠬᠤᠨ ᠤ | ᠤᠨᠴᠠᠯᠢᠬᠳᠤ ᠵᠢᠭᠤᠯᠴᠢᠯᠠᠯ ᠤᠨ ᠪᠠᠶᠢᠳᠠᠯ ᠢ ᠢᠳᠡᠪᠬᠢᠲᠡᠶ ᠪᠣᠶ ᠪᠣᠯᠭᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠢ | ︽ᠬᠥᠭᠵᠢᠶᠡᠨᠲᠡᠶ︾ ᠪᠣᠯᠭᠠᠬᠤ ᠬᠡᠷᠡᠭᠲᠡᠶ᠃ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠠᠷᠠᠳ ᠤᠨ | ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ | ᠠᠵᠤ ᠠᠬᠤᠶ᠋ᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠲᠣᠭᠲᠠᠭᠤᠨ᠂ ᠴᠢᠨᠠᠷ ᠰᠠᠶᠢᠳᠠᠢ | ᠂ ᠠᠮᠤᠷ ᠲᠦᠪᠰᠢᠨ ᠢᠶᠠᠷ ᠢᠯᠴᠢ ᠬᠠᠩᠭᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠳᠣᠣᠷ᠎ᠠ ᠳᠤᠯᠠᠭᠠᠨ ᠴᠠᠰᠤ | ᠣᠷᠣᠬᠤ ᠴᠠᠭ ᠠᠭᠤᠷ ᠤᠨ ᠪᠠᠲᠤᠯᠠᠭ᠎ᠠ ᠶᠢᠨ ᠠᠵᠢᠯ ᠢ ᠤᠷᠢᠳᠴᠢᠯᠠᠨ ᠪᠠᠶᠢᠷᠢᠯᠠᠭᠤᠯᠵᠤ᠂ ︽ᠴᠠᠰᠤ ᠪᠠᠷ ᠵᠠᠷᠯᠢᠭ | ᠪᠣᠯᠭᠠᠬᠤ︾ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠵᠠᠮ ᠬᠠᠷᠢᠯᠴᠠᠭ᠎ᠠ ᠶᠢᠨ | ᠰᠢᠭᠤᠳ ᠰᠢᠯᠤᠭᠤᠨ ᠨᠡᠪᠲᠡᠷᠡᠬᠦ᠂ ᠤᠯᠠᠨ ᠲᠦᠮᠡᠨ ᠤ ᠶᠠᠪᠤᠵᠤ ᠰᠠᠭᠤᠬᠤ ᠳᠤ ᠠᠮᠤᠷ ᠲᠦᠪᠰᠢᠨ ᠪᠠᠶᠢᠬᠤ ᠶᠢ | ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ |