ᠤᠯᠠᠭᠠᠨᠬᠤᠲᠠ ᠡᠪᠦᠯ ᠤᠨ ᠤᠯᠠᠷᠢᠯ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/26
     ᠰᠢᠨ᠎ᠡ ᠵᠢᠯ ᠣᠶᠢᠷᠠᠳᠬᠤ ᠳᠤ᠂ ᠤᠯᠠᠭᠠᠨᠬᠤᠲᠠ ᠶᠢᠨ ᠡᠯ᠎ᠡ ᠪᠠᠯᠭᠠᠰᠤ᠂ ᠬᠦᠷᠢᠶᠡᠯᠡᠩ ᠲᠣᠭᠤᠷᠢᠭ ᠤᠨ ᠢᠳᠡᠰᠢᠨ ᠨᠣᠭᠤᠭ᠎ᠠ ᠲᠠᠷᠢᠬᠤ ᠰᠠᠭᠤᠷᠢᠨ ᠭᠠᠵᠠᠷ ᠡᠪᠦᠯ ᠤᠨ ᠤᠯᠠᠷᠢᠯ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠴᠢᠨ ᠡᠷᠦᠬᠡ ᠰᠢᠨ᠎ᠡ ᠰᠣᠷᠭᠤᠭ ᠢᠳᠡᠰᠢᠨ ᠨᠣᠭᠤᠭ᠎ᠠ ᠪᠠᠨ ᠱᠠᠯᠠᠪᠳᠠᠨ ᠬᠤᠷᠢᠶᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠰᠢᠨ ᠨᠣᠭᠤᠭ᠎ᠠ ᠶᠢ ᠲᠣᠭᠲᠠᠭᠤᠨ ᠢᠶᠠᠷ ᠬᠠᠩᠭᠠᠬᠤ ᠶᠢ ᠪᠥᠬᠦ ᠬᠦᠴᠦᠨ ᠢᠶᠠᠷ ᠪᠠᠲᠤᠯᠠᠵᠤ᠂ ᠥᠷᠭᠡᠨ ᠣᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ ᠪᠠᠶᠢᠨ᠎ᠠ᠃
2024122509045224149.jpg
     ᠢᠯᠠᠯᠲᠠ ᠪᠠᠯᠭᠠᠰᠤᠨ ᠤ ᠶᠠᠩ ᠴᠠᠩ ᠽᠢ ᠭᠠᠴᠠᠭᠠᠨ ᠤ ᠲᠠᠷᠢᠮᠠᠯ ᠤᠨ ᠡᠷᠦᠬᠡ ᠸᠠᠩ ᠶᠦᠩ ᠯᠢᠶᠠᠩ ᠬᠦᠯᠡᠮᠵᠢ ᠳᠤ ᠣᠷᠣᠬᠤ ᠳᠤ᠂ ᠸᠠᠩ ᠶᠦᠩ ᠯᠢᠶᠠᠩ ᠰᠠᠶ᠋ᠢᠬᠠᠨ ᠲᠡᠭᠦᠭᠰᠡᠨ ᠦᠨᠦᠷᠲᠦ ᠨᠣᠭᠤᠭ᠎ᠠ ᠪᠠᠨ ᠪᠣᠭᠤᠳᠠᠯᠯᠠᠵᠤ ᠪᠠᠶᠢᠯ᠎ᠠ᠃ ᠬᠠᠳᠤᠵᠤ ᠬᠤᠷᠢᠶᠠᠬᠤ᠂ ᠪᠣᠵᠠᠷ ᠡᠪᠡᠰᠦ ᠶᠢ ᠢᠯᠭᠠᠬᠤ ᠠᠴᠠ ᠬᠤᠪᠢᠶᠠᠬᠤ᠂ ᠪᠣᠭᠤᠳᠠᠯᠯᠠᠬᠤ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠸᠠᠩ ᠶᠦᠩ ᠯᠢᠶᠠᠩ ᠴᠥᠮ ᠪᠣᠭᠤᠮᠲᠠ ᠶᠢ ᠴᠢᠩᠭ᠎ᠠ ᠠᠳᠬᠤᠵᠤ᠂ ᠢᠳᠡᠰᠢᠨ ᠨᠣᠭᠤᠭ᠎ᠠ ᠶᠢᠨ ᠶᠠᠰᠤ ᠴᠢᠨᠠᠷ ᠪᠠ ᠤᠨᠠᠯᠲᠠ ᠶᠢ ᠪᠠᠲᠤᠯᠠᠵᠤ᠂ ᠰᠢᠨ᠎ᠡ ᠵᠢᠯ ᠤᠨ ᠡᠮᠦᠨ᠎ᠡ ᠬᠤᠶᠢᠨ᠎ᠠ ᠵᠠᠬ᠎ᠠ ᠳᠡᠯᠭᠡᠭᠦᠷ ᠲᠤ ᠭᠠᠷᠭᠠᠵᠤ᠂ ᠰᠠᠶᠢᠨ ᠦᠨ᠎ᠡ ᠪᠠᠷ ᠬᠤᠳᠠᠯᠳᠤᠬᠤ ᠪᠠᠷ ᠪᠡᠯᠡᠳᠭᠡᠨ᠎ᠡ᠂ ︽ᠡᠨᠡ ᠵᠢᠯ ᠤᠨ ᠦᠨᠦᠷᠲᠦ ᠨᠣᠭᠤᠭ᠎ᠠ ᠶᠢᠨ ᠤᠷᠭᠤᠴᠠ ᠮᠠᠰᠢ ᠰᠠᠶᠢᠨ᠂ ᠭᠠᠷᠤᠯᠲᠠ ᠨᠢ 2᠂ 3 ᠮᠢᠩᠭᠠᠨ ᠵᠢᠩ ᠳᠤ ᠬᠦᠷᠴᠦ ᠳᠡᠶᠢᠯᠤᠨ᠎ᠠ᠃ ᠣᠳᠣᠬᠠᠨ ᠤ ᠦᠨ᠎ᠡ ᠬᠠᠩᠰᠢ ᠪᠠᠷ ᠵᠢᠱᠢᠪᠡᠯ᠂ ᠡᠨᠡ ᠤᠳᠠᠭ᠎ᠠ 6000 ᠲᠥᠭᠦᠷᠢᠭ ᠣᠯᠤᠨ᠎ᠠ︾ ᠭᠡᠵᠦ ᠸᠠᠩ ᠶᠦᠩ ᠯᠢᠶᠠᠩ ᠪᠠᠶᠠᠷᠲᠠᠢ ᠪᠠᠷ ᠬᠡᠯᠡᠨ᠎ᠡ᠃
2024122509042950620.png
     ᠰᠡᠷᠬᠡᠨ ᠣᠳᠣ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠰᠢᠶᠠᠩ ᠶᠠᠩ ᠲᠣᠰᠬᠤᠨ ᠤ ᠲᠠᠷᠢᠮᠠᠯ ᠤᠨ ᠡᠷᠦᠬᠡ ᠶᠢᠨ ᠱᠧᠩ ᠵᠢᠶᠦ᠋ᠨ ᠤ ᠬᠦᠯᠡᠮᠵᠢ ᠳᠤ ᠣᠷᠤᠬᠤ ᠳᠤ᠂ ᠶᠢᠨ ᠱᠧᠩ ᠵᠢᠶᠦ᠋ᠨ ᠶᠠᠭ ᠰᠤᠩᠬᠢᠨ᠎ᠠ ᠶᠢᠨ ᠪᠣᠵᠠᠷ ᠡᠪᠡᠰᠦ ᠶᠢ ᠠᠷᠢᠯᠭᠠᠵᠤ᠂ ᠰᠣᠩᠭᠢᠨ᠎ᠠ ᠨᠢᠭᠡᠪᠦᠷᠢ ᠶᠢ ᠴᠥᠮ ᠭᠦᠢᠴᠡᠳ ᠰᠢᠮ᠎ᠡ ᠲᠡᠵᠢᠭᠡᠯ ᠪᠠ ᠬᠡᠷᠡᠯ ᠬᠦᠷᠲᠡᠭᠡᠵᠦ᠂ ᠰᠣᠩᠭᠢᠨ᠎ᠠ ᠶᠢᠨ ᠡᠯᠪᠡᠭ ᠬᠤᠷᠢᠶᠠᠯᠲᠠ ᠤᠯᠬᠤ ᠶᠢ ᠪᠠᠲᠤᠯᠠᠬᠤ ᠶᠢᠨ ᠬᠠᠮᠲᠤ ᠲᠣᠭᠲᠠᠭᠰᠠᠨ ᠬᠤᠭᠤᠴᠠᠭᠠᠨ ᠳᠠᠭᠠᠨ ᠵᠠᠬ᠎ᠠ ᠳᠡᠯᠭᠡᠭᠦᠷ ᠲᠤ ᠭᠠᠷᠭᠠᠵᠤ ᠪᠣᠷᠣᠯᠠᠭᠤᠯᠬᠤ ᠶᠢ ᠪᠠᠲᠤᠯᠠᠵᠤ ᠪᠤᠢ᠃     ︽ᠡᠨᠡ ᠵᠢᠯ 2 ᠮᠢᠩᠭ᠎ᠠ ᠢᠯᠡᠭᠦᠦ ᠵᠢᠩ ᠰᠣᠩᠭᠢᠨ᠎ᠠ ᠬᠤᠷᠢᠶᠠᠵᠤ ᠳᠡᠶᠢᠯᠦᠨ᠎ᠡ᠂ ᠬᠤᠷᠢᠶᠠᠯᠲᠠ ᠴᠤ ᠲᠣᠩ ᠰᠠᠶᠢᠨ᠂ 10 ᠭᠠᠷᠤᠢ ᠡᠳᠦᠷ ᠠᠴᠠ ᠬᠤᠳᠠᠯᠳᠤᠴᠢᠬᠠᠨ᠎ᠠ︾ ᠭᠡᠵᠦ ᠶᠢᠨ ᠱᠧᠩ ᠵᠢᠶᠦ᠋ᠨ ᠬᠡᠯᠡᠨ᠎ᠡ᠃
2024122509044020593.jpg
     ᠡᠪᠦᠯ ᠤᠨ ᠤᠯᠠᠷᠢᠯ ᠤᠨ ᠣᠷᠣᠨ ᠨᠤᠲᠤᠭ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠤᠯᠠᠭᠠᠨᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠪᠦᠯ ᠤᠨ ᠤᠯᠠᠷᠢᠯ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠣᠨᠴᠠᠯᠢᠭ ᠲᠠᠢ ᠤᠶᠠᠯᠳᠤᠭᠤᠯᠤᠨ᠂ ᠲᠠᠷᠢᠮᠠᠯ ᠤᠨ ᠡᠷᠦᠬᠡ ᠶᠢ ᠬᠥᠲᠥᠯᠥᠨ ᠵᠢᠯᠣᠭᠤᠳᠴᠤ ᠰᠥᠷᠬᠦ ᠴᠢᠨᠠᠷ ᠢᠶᠠᠷ ᠴᠢᠩᠭ᠎ᠠ᠂ ᠡᠪᠡᠳᠴᠢᠨ ᠬᠤᠷᠣᠬᠠᠶ ᠶᠢᠨ ᠬᠥᠨᠥᠭᠡᠯ ᠢ ᠡᠰᠡᠷᠭᠦᠴᠡᠬᠦ᠂ ᠴᠢᠨᠠᠷ ᠰᠠᠶᠢᠲᠠᠶ ᠥᠨᠳᠥᠷ ᠤᠨᠠᠯᠲᠠ ᠲᠠᠢ ᠢᠳᠡᠰᠢᠨ ᠨᠣᠭᠤᠭ᠎ᠠ ᠶᠢᠨ ᠲᠥᠷᠥᠯ ᠵᠦᠢᠯ ᠵᠢᠴᠢ ᠲᠡᠷᠢᠭᠦᠨ ᠤ ᠲᠠᠷᠢᠵᠤ ᠪᠤᠶᠢᠵᠢᠭᠤᠯᠬᠤ ᠮᠡᠷᠭᠡᠵᠢᠯ ᠢ ᠰᠣᠩᠭᠤᠵᠤ᠂ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠬᠦ ᠶᠢᠨ ᠬᠠᠮᠲᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠠᠢ᠃ ᠡᠭᠦᠨ ᠤ ᠬᠠᠮᠲᠤ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠨᠳᠤᠯᠭᠠᠲᠤ ᠴᠢᠨᠠᠷᠲᠠᠶ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠴᠢᠯᠡᠭᠡ ᠴᠢᠩᠭᠠᠳᠬᠠᠵᠤ᠂ ᠲᠠᠷᠢᠶᠠᠴᠢᠨ ᠡᠷᠦᠬᠡ ᠶᠢ ᠬᠠᠪᠰᠤᠷᠤᠨ ᠬᠦᠯᠡᠮᠵᠢ ᠶᠢᠨ ᠢᠳᠡᠰᠢᠨ ᠨᠣᠭᠤᠭ᠎ᠠ ᠶᠢᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠴᠢᠩᠭᠠᠳᠬᠠᠵᠤ᠂ ᠡᠪᠦᠯ ᠤᠨ ᠤᠯᠠᠷᠢᠯ ᠤᠨ ᠢᠳᠡᠰᠢᠨ ᠨᠣᠭᠤᠭ᠎ᠠ  ᠶᠢᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ ᠪᠠᠶᠢᠨ᠎ᠠ    
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号