| ᠤᠶᠢᠷ᠎ᠠ ᠳᠤ᠂ ᠤᠯᠠᠭᠠᠨᠬᠤᠲᠠ ᠶᠢᠨ ᠳᠣᠯᠣᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠡᠯ ᠤᠨ | ᠤᠯᠠᠷᠢᠯ ᠤᠨ ᠠᠵᠢᠯᠯᠠᠭ᠎ᠠ ᠤᠯᠠᠭᠠᠨᠬᠤᠲᠠ ᠶᠢᠨ ᠪᠠᠶᠠᠨᠴᠠᠭᠠᠨ ᠠᠭᠤᠯᠠ ᠶᠢᠨ ᠦᠵᠡᠮᠵᠢ ᠶᠢᠨ ᠣᠷᠣᠨ ᠳᠤ ᠡᠬᠢᠯᠡᠨ | ᠶᠠᠪᠤᠭᠳᠠᠵᠠᠢ᠃ ᠲᠣᠰ ᠤᠳᠠᠭᠠᠨ ᠤ ᠠᠵᠢᠯᠯᠠᠭ᠎ᠠ ᠨᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠤᠢ ᠠᠯᠲᠠ | ᠮᠥᠩᠭᠦᠨ ᠠᠭᠤᠯᠠ ᠮᠥᠨ᠂ ᠮᠥᠰᠥ ᠴᠠᠰᠤᠨ ᠤ ᠡᠬᠢ ᠪᠠᠶᠠᠯᠢᠭ ᠮᠦᠨᠴᠦ ᠠᠯᠲᠠ ᠮᠥᠩᠭᠦᠨ ᠠᠭᠤᠯᠠ︾ ᠭᠡᠬᠦ | ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ | ᠡᠬᠢ ᠪᠠᠶᠠᠯᠢᠭ᠂ ᠠᠷᠠᠳ ᠤᠨ ᠰᠣᠶᠣᠯ ᠢᠷᠭᠡᠨᠰᠢᠯ ᠬᠢᠭᠡᠳ ᠣᠲᠣ ᠦᠶ᠎ᠡ ᠶᠢᠨ ᠬᠡᠷᠡᠭᠯᠡᠭᠡ ᠶᠢᠨ ᠭᠦᠨᠵᠡᠭᠡᠶ | ᠠᠭᠤᠰᠤᠯᠴᠠᠯ ᠢ ᠳᠥᠯᠭᠢᠨ ᠠᠬᠢᠭᠤᠯᠵᠤ᠂ ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠢᠨ᠎ᠡ | ᠬᠢᠯᠠᠰ ᠴᠡᠭ ᠢ ᠪᠣᠶ ᠪᠣᠯᠭᠠᠬᠤ ᠪᠠᠷ ᠭᠤᠤᠯ ᠵᠤᠷᠢᠯᠭ᠎ᠠ ᠪᠤᠯᠭᠠᠵᠥ᠂ ᠠᠯᠢ ᠣᠯᠠᠨ ᠪᠠᠶᠠᠯᠢᠭ ᠰᠠᠶᠢᠬᠠᠨ ᠮᠥᠰᠥ | ᠴᠠᠰᠤᠨ ᠤ ᠵᠢᠭᠤᠯᠴᠢᠯᠠᠯ ᠤᠨ ᠪᠦᠲᠦᠭᠡᠭᠳᠡᠬᠦᠨ ᠪᠠ ᠠᠵᠢᠯᠯᠠᠭ᠎ᠠ ᠪᠠᠷ ᠳᠠᠮᠵᠢᠭᠤᠯᠤᠨ᠂ ᠮᠠᠰᠢ ᠣᠯᠠᠨ | ᠵᠢᠭᠤᠯᠴᠢᠯᠠᠬᠴᠢᠳ ᠤᠨ ᠠᠩᠬᠠᠷᠤᠯ ᠢ ᠲᠠᠲᠠᠪᠠ᠃ | ᠠᠵᠢᠯᠯᠠᠭ᠎ᠠ ᠶᠢᠨ ᠡᠬᠢᠯᠠᠯᠲᠠ ᠶᠢᠨ ᠶᠤᠰᠤᠯᠠᠯ ᠳᠤ᠂ LED ᠲᠣᠮᠣ ᠳᠡᠯᠭᠡᠴᠡ ᠳᠤ ᠤᠯᠠᠭᠠᠨᠬᠤᠲᠠ ᠶᠢᠨ | ᠵᠢᠭᠤᠯᠴᠢᠯᠡᠯ ᠤᠨ ᠤᠬᠠᠭᠤᠯᠭ᠎ᠠ ᠶᠢᠨ ᠹᠢᠯᠢᠮ᠂ ᠮᠥᠰᠥ ᠴᠠᠰᠤᠨ ᠤ ᠤᠯᠠᠷᠢᠯ ᠤᠨ ᠤᠬᠠᠭᠤᠯᠭ᠎ᠠ ᠶᠢᠨ ᠸᠢᠳᠢᠣ᠋ ᠶᠢ | ᠨᠡᠪᠲᠡᠷᠡᠭᠦᠯᠵᠦ᠂ ᠵᠢᠭᠤᠯᠴᠢᠯᠠᠬᠴᠢᠳ ᠲᠤ ᠤᠯᠠᠭᠠᠨᠬᠤᠲᠠ ᠶᠢᠨ ᠦᠵᠡᠰᠭᠦᠯᠡᠩᠲᠦ ᠰᠠᠶᠢᠬᠠᠨ ᠥᠩᠭᠡ ᠦᠵᠡᠮᠵᠢ ᠪᠠ | ᠮᠥᠰᠥ ᠴᠠᠰᠤᠨ ᠤ ᠵᠢᠭᠤᠯᠴᠢᠯᠠᠯ ᠤᠨ ᠥᠪᠡᠷᠮᠢᠴᠡ ᠤᠨᠴᠠᠯᠢᠬ ᠢ ᠳᠡᠯᠭᠡᠨ ᠦᠵᠡᠭᠦᠯᠵᠡᠶ᠃ | ᠲᠤᠰ ᠤᠳᠠᠭᠠᠨ ᠤ ᠠᠵᠢᠯᠯᠠᠭᠠᠨ ᠳᠤ᠂ ᠲᠣᠭᠯᠠᠭᠠᠮ ᠤᠨ ᠭᠤᠭᠴᠤᠭ᠎ᠠ᠂ ᠮᠥᠰᠥ ᠴᠠᠰᠤᠨ ᠤ ᠮᠡᠳᠡᠯᠭᠡ ᠶᠢᠨ | ᠰᠣᠨᠢᠷᠬᠠᠯᠲᠤ ᠠᠵᠢᠯᠯᠠᠭ᠎ᠠ ᠵᠡᠷᠭᠡ ᠶᠢ ᠲᠤᠬᠢᠷᠠᠭᠤᠯᠤᠨ᠂ ᠵᠢᠭᠤᠯᠴᠢᠯᠠᠬᠴᠢᠳ ᠢ ᠪᠠᠶᠠᠷ ᠪᠠᠶᠠᠰᠬᠤᠯᠠᠩᠲᠤ ᠠᠭᠤᠷ | ᠠᠮᠢᠰᠬᠤᠯ ᠤᠨ ᠳᠤᠮᠳᠠ ᠮᠥᠰᠥ ᠴᠠᠰᠤᠨ ᠤ ᠵᠢᠭᠤᠯᠴᠢᠯᠡᠯ ᠤᠨ ᠲᠤᠬᠠᠢ ᠤᠶᠢᠯᠠᠭᠠᠯᠲᠠ ᠶᠢ ᠨᠡᠮᠡᠭᠳᠡᠭᠦᠯᠵᠦ᠂ ᠤᠷᠠᠨ | ᠰᠠᠶᠢᠬᠠᠨ ᠤ ᠲᠤᠬᠯᠠᠯᠲᠠ ᠪᠠ ᠬᠤᠪᠴᠠᠰᠦ ᠵᠠᠰᠠᠯ ᠤᠨ ᠦᠵᠡᠭᠦᠯᠭᠡ ᠭᠠᠷᠭᠠᠬᠤ ᠪᠠᠷ ᠳᠠᠮᠵᠢᠨ ᠤᠯᠠᠭᠠᠨᠬᠤᠲᠠ ᠶᠢᠨ | ᠰᠣᠶᠣᠯ ᠤᠨ ᠠᠭᠤᠯᠬᠤᠨ ᠪᠣᠯᠤᠨ ᠤᠷᠠᠯᠢᠭ ᠤᠨ ᠷᠢᠳᠢ ᠰᠢᠳᠢ ᠶᠢ ᠢᠯᠡᠷᠡᠭᠦᠯᠪᠡ᠃ | ᠲᠣᠰ ᠤᠳᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ | ᠤᠯᠠᠭᠠᠨᠬᠤᠲᠠ ᠶᠢᠨ ᠮᠥᠰᠥ ᠴᠠᠰᠤᠨ ᠤ ᠵᠢᠭᠤᠯᠴᠢᠯᠠᠯ ᠤᠨ ᠥᠪᠡᠷᠮᠢᠴᠡ ᠤᠨᠴᠠᠯᠢᠬ ᠢ ᠬᠠᠷᠠᠭᠤᠯᠤᠭᠰᠠᠨ ᠢᠶᠠᠷ ᠪᠠᠷᠠᠬᠤ | ᠥᠬᠡᠶ ᠪᠠᠰᠠ ᠲᠤᠬᠠᠶ ᠶᠢᠨ ᠭᠠᠵᠠᠷ ᠤᠨ ᠮᠥᠰᠥ ᠴᠠᠰᠤᠨ ᠤ ᠠᠵᠤ ᠠᠬᠤᠶ ᠶᠢᠨ ᠬᠥᠭᠵᠢᠯᠲᠡ ᠳᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ︵ᠯᠢᠶᠠᠨ ᠪᠤᠤ ᠰᠦᠨ ᠵᠢᠩ ᠶᠦᠨ︶ |