| ︵ᠰᠤᠷᠪᠤᠯᠵᠢᠯᠠᠬᠴᠢ ᠴᠡᠩᠭᠡᠯᠳᠤ︶ ᠤᠶᠢᠷ᠎ᠠ ᠶᠢᠨ ᠡᠳᠦᠷ᠂ ᠤᠯᠠᠭᠠᠨᠬᠤᠳᠠ ᠬᠤᠶᠠᠳᠤᠭᠠᠷ ᠲᠤᠮᠳᠠᠳᠤ | ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠭᠠᠵᠠᠷ ᠠᠴᠠ ᠢᠳᠠᠷ ᠵᠠᠯᠠᠭᠤ ᠨᠠᠰᠦᠨ ᠤ 66 ᠨᠡᠷᠡᠰ ᠪᠠᠭᠰᠢ ᠪᠠᠨ | ᠵᠤᠬᠢᠶᠠᠨ ᠪᠠᠶᠢᠭᠤᠯᠤᠨ ᠨᠤᠮ ᠬᠠᠶᠠᠯᠴᠠᠬᠤ ᠠᠵᠢᠯᠯᠠᠭ᠎ᠠ ᠪᠠᠨ ᠪᠦᠬᠦᠯᠢ ᠡᠳᠦᠷ ᠤᠨ ᠬᠤᠭᠤᠴᠠᠭ᠎ᠠ ᠲᠠᠢ | ᠶᠠᠪᠤᠬᠳᠠᠭᠤᠯᠤᠬᠰᠠᠨ ᠪᠠᠶᠢᠨ᠎ᠠ᠃ | ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠭᠤᠤ ᠸᠧᠨ ᠰᠢᠦ ᠪᠠᠭᠰᠢ᠄ ︽ᠪᠢ ᠲᠤᠰ | ᠬᠤᠭᠤᠴᠠᠭ᠎ᠠ ︿ᠡᠵᠢ ᠬᠠᠮᠤᠭ ᠤᠨ ᠰᠠᠶᠢᠨ ᠪᠠᠭᠰᠢ﹀ ᠬᠡᠬᠦ ᠨᠤᠮ ᠢ ᠤᠡᠭᠰᠢᠬᠰᠠᠨ ᠶᠤᠮ᠃ ᠪᠢ ᠨᠢᠬᠡᠨ ᠡᠵᠢ ᠬᠦᠮᠦᠨ | ᠪᠤᠯᠤᠬᠰᠠᠨ ᠤ ᠬᠤᠪᠢ ᠳᠤ ᠲᠤᠰ ᠨᠤᠮ ᠢ ᠤᠡᠭᠰᠢᠵᠦ ᠦᠪᠡᠷ ᠤᠨ ᠬᠡᠤᠬᠡᠳ ᠢᠶᠠᠨ ᠬᠡᠷᠬᠢᠨ ᠰᠤᠷᠭᠠᠬᠤ᠂ | ᠰᠤᠷᠤᠬᠴᠢᠳ ᠢᠶᠠᠨ ᠬᠡᠷᠬᠢᠨ ᠬᠦᠮᠦᠵᠢᠬᠦᠯᠬᠦ ᠲᠤᠬᠠᠢ ᠬᠦᠨ ᠤᠶᠢᠯᠠᠭᠠᠯᠳᠠ ᠲᠠᠢ ᠪᠤᠯᠵᠠᠢ᠃ ᠡᠬᠦᠨ ᠠᠴᠠ ᠬᠤᠶᠢᠰᠢ | ᠠᠵᠢᠯ ᠤᠨ ᠴᠢᠯᠦᠬᠡ ᠵᠠᠪ ᠢᠶᠠᠷ ᠢᠶᠠᠨ ᠨᠡᠩ ᠤᠯᠠᠨ ᠨᠤᠮ ᠤᠡᠭᠰᠢᠵᠦ ᠪᠤᠳᠠᠳᠤ ᠠᠮᠢᠳᠦᠷᠠᠯ ᠪᠠ ᠲᠤᠬᠠᠶᠢᠯᠠᠬᠰᠠᠨ | ᠠᠵᠢᠯ ᠤᠨ ᠲᠤᠮᠳᠠ ᠪᠠᠨ ᠦᠢᠯᠡᠳᠦᠯᠬᠡᠵᠢᠬᠦᠯᠦᠨ᠎ᠡ︾ ᠬᠡᠵᠦ ᠶᠠᠷᠢᠵᠦ ᠪᠠᠶᠢᠯ᠎ᠠ᠃ | ᠲᠤᠰ ᠰᠤᠷᠭᠠᠭᠤᠯᠢ ᠪᠠᠭᠰᠢ ᠨᠠᠷ ᠤᠨ ᠢᠶᠠᠨ ᠲᠤᠬᠠᠶᠢᠯᠠᠬᠰᠠᠨ ᠠᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠵᠦ᠂ | ᠡᠷᠳᠡᠮ ᠴᠢᠳᠠᠪᠦᠷᠢ ᠰᠢᠯᠭᠠᠷᠠᠬᠰᠠᠨ ᠪᠠᠭᠰᠢ ᠶᠢᠨ ᠡᠩᠨᠡᠭᠡ ᠶᠢ ᠪᠦᠳᠦᠬᠡᠨ ᠪᠠᠶᠢᠭᠤᠯᠬᠤ ᠪᠠᠷ ᠵᠠᠯᠠᠭᠤ ᠪᠠᠭᠰᠢ ᠪᠤᠯᠤᠨ | ᠢᠳᠡᠷ ᠨᠠᠰᠦᠨ ᠤ ᠪᠠᠭᠰᠢ ᠨᠠᠷ ᠢᠶᠠᠨ ᠬᠤᠭᠤᠴᠠᠭ᠎ᠠ ᠪᠦᠷᠢ ᠤᠯᠠᠨ ᠲᠦᠷᠦᠯ ᠤᠨ ᠨᠤᠮ ᠤᠡᠭᠰᠢᠬᠤ ᠶᠢ | ᠵᠤᠷᠢᠬᠵᠢᠭᠤᠯᠵᠦ᠂ ᠲᠡᠳᠡᠨ ᠤ ᠤᠡᠭᠰᠢᠬᠰᠠᠨ ᠨᠤᠮ ᠤᠨ ᠠᠭᠤᠯᠭ᠎ᠠ ᠪᠠᠷ ᠢᠶᠠᠨ ᠲᠤᠬᠳᠠᠬᠰᠠᠨ ᠬᠤᠭᠤᠴᠠᠭ᠎ᠠ ᠲᠠᠢ ᠪᠠᠷ | ᠨᠤᠮ ᠬᠠᠶᠠᠯᠴᠠᠬᠤ ᠠᠵᠢᠯᠯᠠᠭ᠎ᠠ ᠶᠠᠪᠤᠬᠳᠠᠭᠤᠯᠬᠤ ᠶᠢᠨ ᠬᠠᠮᠳᠤ ᠪᠠᠭᠰᠢ ᠠᠴᠠ ᠰᠤᠷᠤᠬᠴᠢ ᠨᠠᠷ ᠲᠠᠢ ᠪᠠᠨ ᠨᠤᠮ | ᠤᠡᠭᠰᠢᠬᠰᠠᠨ ᠤᠯᠤᠯᠳᠠ ᠲᠦᠷᠦᠭᠳᠡᠯ ᠢᠶᠠᠨ ᠬᠤᠪᠢᠶᠠᠯᠴᠠᠬᠤ ᠶᠢ ᠵᠤᠷᠢᠬᠵᠢᠭᠤᠯᠤᠨ᠂ ᠪᠠᠭᠰᠢ ᠨᠠᠷ ᠤᠨ ᠤᠡᠭᠰᠢᠯᠭ᠎ᠠ ᠪᠠᠷ | ᠲᠠᠮᠵᠢᠨ ᠤᠯᠵᠦ ᠮᠡᠳᠡᠭᠰᠡᠨ ᠲᠤᠷᠰᠢᠯᠭ᠎ᠠ ᠰᠤᠷᠭᠠᠮᠵᠢ ᠪᠠᠨ ᠵᠢᠭᠠᠨ ᠰᠤᠷᠭᠠᠯᠳᠠ ᠶᠢᠨ ᠠᠵᠢᠯ ᠠᠮᠢᠳᠦᠷᠠᠯ ᠲᠤᠮᠳᠠ ᠪᠠᠨ | ᠦᠢᠯᠡᠳᠦᠯᠬᠡᠵᠢᠬᠦᠯᠬᠦ ᠶᠢ ᠱᠠᠭᠠᠷᠳᠠᠬᠰᠠᠨ ᠪᠠᠶᠢᠨ᠎ᠠ᠃ | ᠤᠯᠠᠭᠠᠨᠬᠤᠳᠠ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠭᠠᠵᠠᠷ ᠤᠨ ᠡᠷᠬᠢᠯᠡᠭᠴᠢ | ᠵᠸᠤ ᠸᠧᠨ ᠰᠢᠶᠠᠩ᠄ ︽ᠡᠨᠡ ᠡᠳᠦᠷ ᠤᠨ ᠨᠤᠮ ᠬᠠᠶᠠᠯᠴᠠᠬᠤ ᠠᠵᠢᠯᠯᠠᠭ᠎ᠠ ᠤᠷᠤᠬᠰᠢᠳᠠᠢ ᠶᠠᠪᠤᠬᠳᠠᠯ᠎ᠠ᠃ ᠪᠠᠭᠰᠢ | ᠨᠠᠷ ᠤᠨ ᠤᠯᠠᠩᠬᠢ ᠨᠢ ᠪᠦᠷ ᠦᠪᠡᠷ ᠤᠨ ᠲᠤᠬᠠᠶᠢᠯᠠᠬᠰᠠᠨ ᠠᠵᠢᠯ ᠪᠠ ᠠᠮᠢᠳᠦᠷᠠᠯ ᠲᠠᠢ ᠪᠠᠨ ᠬᠤᠯᠪᠤᠬᠳᠠᠬᠰᠠᠨ | ᠨᠤᠮ ᠤᠨ ᠲᠤᠬᠠᠢ ᠠᠩᠬᠠᠷᠴᠦ ᠤᠡᠭᠰᠢᠵᠦ ᠪᠠᠶᠢᠨ᠎ᠠ᠃ ᠤᠡᠭᠰᠢᠬᠰᠠᠨ ᠨᠤᠮ ᠤᠨ ᠠᠭᠤᠯᠭ᠎ᠠ ᠪᠠᠨ ᠬᠠᠮᠳᠤ | ᠠᠵᠢᠯᠯᠠᠬᠰᠠᠳ ᠲᠠᠢ ᠪᠠᠨ ᠬᠠᠷᠢᠯᠴᠠᠨ ᠬᠤᠪᠢᠶᠠᠯᠴᠠᠵᠦ᠂ ᠠᠵᠢᠯ ᠠᠮᠢᠳᠦᠷᠠᠯ ᠲᠤᠮᠳᠠᠬᠢ ᠬᠦᠷᠦᠯᠴᠡᠬᠦ ᠦᠬᠡᠢ ᠮᠡᠳᠡᠬᠦ | ᠦᠬᠡᠢ ᠵᠦᠢᠯ ᠢᠶᠠᠨ ᠬᠠᠷᠢᠯᠴᠠᠨ ᠨᠦᠬᠦᠪᠦᠷᠢᠯᠡᠭᠰᠡᠨ ᠪᠠᠶᠢᠨ᠎ᠠ︾ ᠬᠡᠵᠦ ᠶᠠᠷᠢᠯ᠎ᠠ᠃ | ᠤᠶᠢᠯᠠᠭᠠᠬᠰᠠᠨ ᠢᠶᠠᠷ᠂ ᠲᠤᠰ ᠰᠤᠷᠭᠠᠭᠤᠯᠢ ᠢᠳᠡᠷ ᠵᠠᠯᠠᠭᠤ ᠨᠠᠰᠦᠨ ᠤ ᠪᠠᠭᠰᠢ ᠨᠠᠷ ᠤᠨ ᠨᠤᠮ ᠤᠡᠭᠰᠢᠬᠤ | ᠠᠵᠢᠯᠯᠠᠭ᠎ᠠ ᠶᠢ ᠭᠤᠷᠪᠠᠨ ᠵᠢᠯ ᠲᠠᠷᠠᠭᠠᠯᠠᠨ ᠶᠠᠪᠤᠬᠳᠠᠭᠤᠯᠵᠦ᠂ ᠪᠠᠭᠰᠢ ᠨᠠᠷ ᠤᠨ ᠤᠡᠭᠰᠢᠬᠰᠠᠨ ᠨᠤᠮ ᠤᠨ | ᠠᠭᠤᠯᠭ᠎ᠠ ᠨᠢ ᠭᠤᠤᠯᠳᠠᠭᠤ ᠰᠤᠷᠤᠬᠴᠢᠳ ᠢᠶᠠᠨ ᠬᠠᠮᠢᠶᠠᠷᠬᠤ ᠳᠤ ᠶᠠᠭᠤ ᠶᠢ ᠠᠩᠬᠠᠷᠬᠤ᠂ ᠠᠮᠢᠳᠦᠷᠠᠯ ᠲᠤᠮᠳᠠ ᠪᠠᠨ | ᠬᠡᠷᠬᠢᠨ ᠤᠶᠢᠯᠠᠭᠠᠯᠴᠠᠬᠤ ᠬᠡᠬᠦ ᠮᠡᠳᠤ ᠶᠢᠨ ᠠᠭᠤᠯᠭ᠎ᠠ ᠶᠢ ᠬᠠᠮᠤᠷᠤᠬᠰᠠᠨ ᠶᠤᠮ᠃ ᠡᠨᠡᠬᠦ ᠠᠵᠢᠯᠯᠠᠭ᠎ᠠ ᠪᠠᠨ ᠬᠤᠪᠢ | ᠤᠯᠭᠤᠬᠤ ᠪᠠᠷ ᠲᠠᠮᠵᠢᠨ ᠵᠢᠯ ᠤᠨ ᠡᠴᠦᠰ ᠤᠨ ᠪᠠᠭᠰᠢ ᠶᠢᠨ ᠬᠤᠪᠢ ᠬᠦᠮᠦᠨ ᠤ ᠱᠠᠩᠨᠠᠯ ᠬᠦᠬᠢᠬᠦᠯᠦᠯ ᠲᠠᠢ | ᠬᠤᠯᠪᠤᠬᠳᠠᠭᠤᠯᠵᠦ ᠪᠤᠢ᠃ ᠡᠨᠡ ᠨᠢ ᠪᠠᠭᠰᠢ ᠨᠠᠷ ᠤᠨ ᠬᠡᠪ ᠪᠤᠯᠪᠠᠰᠦᠷᠠᠯ ᠢ ᠲᠡᠭᠡᠭᠰᠢᠯᠡᠬᠦᠯᠬᠦ᠂ ᠰᠤᠷᠭᠠᠨ | ᠬᠦᠮᠦᠵᠢᠯ ᠤᠨ ᠴᠢᠨᠠᠷ ᠢ ᠪᠠᠳᠦᠯᠠᠬᠤ ᠳᠤ ᠤᠷᠢᠳᠠᠴᠢ ᠨᠦᠬᠦᠴᠡᠯ ᠪᠤᠯᠤᠬᠰᠠᠨ ᠪᠠᠶᠢᠨ᠎ᠠ᠃ |