ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠪᠠᠭᠰᠢ ᠰᠤᠷᠤᠭᠴᠢᠤᠨ ᠤᠨ ᠬᠡᠭᠡᠷᠡᠯᠡᠨ ᠭᠦᠶᠦᠬᠦ ᠤᠷᠤᠯᠳᠤᠭᠠᠨ ᠡᠷᠬᠢᠯᠡᠭᠰᠡᠨ ᠲᠤᠬᠠᠢ ​ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/26
    ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠦᠨ ᠨᠠᠶᠢᠳᠠᠪᠦᠷᠢᠵᠢᠭᠤᠯᠵᠦ᠂ ᠪᠠᠭᠰᠢ ᠰᠤᠷᠤᠬᠴᠢᠳ ᠤᠨ ᠪᠡᠶ᠎ᠡ ᠮᠠᠠᠬᠪᠤᠳ ᠢ ᠲᠠᠪᠳᠠᠨ ᠪᠤᠯᠪᠠᠰᠤᠷᠠᠭᠤᠯᠬᠤ ᠪᠠᠷ ᠵᠤᠷᠢᠯᠭ᠎ᠠ ᠪᠤᠯᠭᠠᠵᠦ᠂ ᠤᠶᠢᠷ᠎ᠠ ᠶᠢᠨ ᠡᠳᠦᠷ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠪᠠᠭᠰᠢ ᠰᠤᠷᠤᠭᠴᠢ ᠶᠢᠨ ᠡᠪᠦᠯ ᠤᠨ ᠤᠯᠠᠷᠢᠯ ᠤᠨ ᠬᠡᠬᠡᠷᠡᠯᠡᠨ ᠭᠦᠶᠦᠬᠦ ᠭᠤᠤᠯ ᠰᠡᠳᠦᠪᠳᠦ ᠤᠷᠤᠯᠳᠤᠭᠠᠨ ᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠰᠤᠷᠭᠠᠭᠤᠯᠢ ᠶᠢᠨ ᠪᠡᠶ᠎ᠡ ᠲᠠᠮᠢᠷ ᠤᠨ ᠬᠦᠳᠡᠯᠭᠡᠭᠡᠨ ᠢ ᠲᠦᠯᠬᠢᠨ ᠠᠬᠢᠭᠤᠯᠬᠤ ᠶᠢᠨ ᠬᠠᠮᠳᠤ ᠪᠦᠬᠦ ᠪᠠᠭᠰᠢ ᠰᠤᠷᠤᠭᠴᠢ ᠶᠢᠨ ᠤᠷᠤᠭᠰᠢ ᠲᠠᠪᠰᠢᠬᠤ ᠵᠤᠷᠢᠭ ᠰᠠᠨᠠᠭ᠎ᠠ ᠪᠤᠯᠤᠨ ᠦᠷᠢᠰᠦᠯᠳᠦᠭᠡᠨ ᠤ ᠦᠵᠡᠯ ᠤᠬᠠᠮᠰᠠᠷ ᠢ ᠨᠢ ᠲᠡᠭᠡᠭᠰᠢᠯᠡᠭᠦᠯᠦᠭᠰᠡᠨ ᠪᠠᠶᠢᠨ᠎ᠠ᠃    ᠡᠩ ᠲᠡᠷᠢᠭᠦᠨ ᠳᠤ ᠰᠤᠷᠤᠭᠴᠢ ᠶᠢᠨ ᠬᠡᠬᠡᠷᠡᠯᠡᠨ ᠭᠦᠶᠦᠬᠦ ᠤᠷᠤᠯᠳᠤᠭᠠᠨ ᠢ ᠵᠢᠷᠭᠤᠭᠠᠨ ᠲᠤᠭᠤᠶᠢᠯᠠᠩ ᠬᠤᠪᠢᠶᠠᠨ ᠶᠠᠪᠤᠬᠳᠠᠭᠤᠯᠤᠬᠰᠠᠨ ᠪᠠᠶᠢᠨ᠎ᠠ᠃ ᠲᠠᠷᠠᠭ᠎ᠠ ᠳᠤᠨᠢ ᠪᠠᠭᠰᠢ ᠠᠵᠢᠯᠲᠠᠳ ᠤᠨ ᠬᠤᠯᠠ ᠭᠦᠶᠦᠬᠦ ᠤᠷᠤᠯᠳᠤᠭᠠᠨ ᠢ ᠡᠮᠡᠭᠲᠡᠢ ᠪᠠᠭᠰᠢ ᠶᠢᠨ 1500 ᠮᠧᠲᠷ᠂ ᠡᠷᠡᠭᠳᠡᠢ ᠪᠠᠭᠰᠢ ᠶᠢᠨ 3000 ᠮᠧᠲᠷ ᠤᠨ ᠤᠷᠤᠯᠳᠤᠭᠠᠨ ᠭᠡᠵᠦ ᠬᠤᠶᠠᠷ ᠲᠤᠭᠤᠶᠢᠯᠠᠩ ᠬᠤᠪᠢᠶᠠᠨ ᠶᠠᠪᠤᠭᠳᠠᠭᠤᠯᠤᠭᠰᠠᠨ ᠪᠠᠶᠢᠨ᠎ᠠ᠃    ᠤᠷᠤᠯᠳᠤᠭᠠᠨ ᠤ ᠳ᠋ᠦᠩ ᠳᠤ ᠳᠡᠭᠡᠳᠦ ᠨᠢᠭᠡ ᠶᠢᠨ ᠶᠢᠰᠤ᠂ ᠳᠡᠭᠡᠳᠦ ᠬᠤᠶᠠᠷ ᠤᠨ ᠠᠷᠪᠠ᠂ ᠳᠡᠭᠡᠳᠦ ᠭᠤᠷᠪᠠ ᠶᠢᠨ ᠠᠷᠪᠠᠨ ᠳᠦᠷᠪᠡ ᠶᠡᠷᠦᠩᠬᠡᠶᠢᠯᠡᠭᠰᠡᠨ ᠬᠤᠪᠢ ᠪᠠᠷ ᠢᠶᠠᠨ ᠤᠷᠦ᠋ᠢᠯᠡᠵᠦ᠂ ᠳᠡᠭᠡᠳᠦ ᠨᠢᠭᠡ ᠶᠢᠨ ᠠᠷᠪᠠᠨ ᠭᠤᠷᠪᠠ ᠶᠢᠨ ᠰᠤᠷᠤᠬᠴᠢ ᠣᠤ ᠭᠦᠸᠧ ᠯᠢᠶᠠᠩ᠂ ᠳᠡᠭᠡᠳᠦ ᠬᠤᠶᠠᠷ ᠤᠨ ᠠᠷᠪᠠᠨ ᠳᠦᠷᠪᠡ ᠶᠢᠨ ᠰᠤᠷᠤᠬᠴᠢ ᠪᠠᠢ ᠫᠢᠩ ᠠᠨ᠂ ᠳᠡᠭᠡᠳᠦ ᠭᠤᠷᠪᠠ ᠶᠢᠨ ᠠᠷᠪᠠᠨ ᠭᠤᠷᠪᠠ ᠶᠢᠨ ᠰᠤᠷᠤᠬᠴᠢ ᠴᠡᠩᠬᠡᠷ᠂ ᠳᠡᠭᠡᠳᠦ ᠨᠢᠭᠡ ᠶᠢᠨ ᠭᠤᠷᠪᠠ ᠶᠢᠨ ᠰᠤᠷᠤᠬᠴᠢ ᠸᠠᠩ ᠤᠷᠠᠯᠢᠭ᠂ ᠳᠡᠭᠡᠳᠦ ᠬᠤᠶᠠᠷ ᠤᠨ ᠠᠷᠪᠠᠨ ᠳᠦᠷᠪᠡ ᠶᠢᠨ ᠰᠤᠷᠤᠬᠴᠢ ᠲᠦᠩ ᠱᠧᠩ ᠯᠢ᠂ ᠳᠡᠭᠡᠳᠦ ᠭᠤᠷᠪᠠ ᠶᠢᠨ ᠠᠷᠪᠠᠨ ᠭᠤᠷᠪᠠ ᠶᠢᠨ ᠰᠤᠷᠤᠬᠴᠢ ᠤᠶᠠᠩᠭ᠎ᠠ ᠰᠢᠯᠢᠳᠡᠭ ᠬᠢᠷᠢ ᠪᠦᠲᠦᠮᠵᠢ ᠤᠯᠤᠬᠰᠠᠨ ᠪᠠᠶᠢᠨ᠎ᠠ᠃    ᠰᠤᠷᠭᠠᠭᠤᠯᠢ ᠶᠢᠨ ᠤᠳᠤᠷᠢᠳᠤᠯᠭ᠎ᠠ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠨᠡᠷ᠎ᠡ ᠮᠡᠳᠡᠭᠦᠯᠦᠨ ᠤᠷᠤᠯᠳᠤᠭᠠᠨ ᠳᠤ ᠤᠷᠤᠯᠴᠠᠵᠦ᠂ ᠪᠠᠭᠰᠢ ᠰᠤᠷᠤᠭᠴᠢᠳ ᠲᠤ ᠦᠯᠢᠭᠡᠷ ᠲᠠᠭᠤᠷᠢᠶᠠᠯ ᠪᠤᠯᠵᠦ ᠴᠢᠳᠠᠭᠰᠠᠨ ᠢᠶᠠᠷ ᠪᠠᠷᠠᠬᠤ ᠦᠭᠡᠢ ᠪᠠᠭᠰᠢ ᠰᠤᠷᠤᠬᠴᠢᠳ ᠤᠨ ᠰᠢᠷᠭᠠᠭᠤ ᠬᠠᠲᠠᠭᠤᠵᠢᠯᠲᠠᠢ ᠲᠡᠮᠡᠴᠡᠬᠦ ᠢᠳᠡᠭᠡᠯ ᠵᠤᠷᠢᠬ ᠢ ᠴᠤ ᠨᠡᠮᠡᠭᠳᠡᠬᠦᠯᠵᠦ ᠴᠢᠳᠠᠭᠰᠠᠨ ᠪᠠᠶᠢᠨ᠎ᠠ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号