| 12 ᠰᠠᠷ᠎ᠠ ᠶᠢᠨ 1 ᠤ ᠡᠳᠦᠷ ᠪᠤᠯ 37 ᠳᠠᠬᠢ ᠠᠶᠢᠽ ᠡᠪᠡᠳᠴᠢᠨ ᠢ ᠰᠡᠷᠭᠡᠶᠢᠯᠡᠬᠦ ᠡᠳᠦᠷ ᠪᠤᠯᠤᠨ᠎ᠠ᠃ ᠡᠨᠡᠬᠦ | ᠲᠠᠰᠢᠷᠠᠮ ᠢᠶᠠᠷ ᠤᠯᠠᠭᠠᠨᠬᠤᠲᠠ ᠬᠤᠶᠠᠳᠤᠭᠠᠷ ᠳᠤᠮᠳᠠᠲᠦ ᠰᠤᠷᠭᠠᠭᠤᠯᠢ ︽ᠠᠮᠢ ᠨᠠᠰᠤ ᠠᠯᠢᠪᠠ ᠠᠴᠠ ᠳᠡᠭᠡᠳᠦ︾ ᠭᠡᠬᠦ | ᠠᠶᠢᠽ ᠡᠪᠡᠳᠴᠢᠨ ᠢ ᠰᠡᠷᠭᠡᠶᠢᠯᠡᠬᠦ ᠭᠤᠤᠯ ᠰᠡᠳᠤᠪᠳᠤ ᠠᠵᠢᠯᠯᠠᠭᠠᠨ ᠦᠷᠨᠢᠭᠦᠯᠵᠤ᠂ ᠰᠤᠷᠤᠭᠴᠢᠳ ᠤᠨ ᠡᠷᠡᠭᠦᠯ | ᠴᠢᠬᠢᠷᠠᠭ᠂ ᠠᠮᠤᠷ ᠲᠦᠪᠰᠢᠨ ᠢᠶᠠᠷ ᠦᠰᠦᠨ ᠪᠤᠶᠢᠵᠢᠬᠤ ᠤᠬᠠᠮᠰᠠᠷ ᠢ ᠦᠨᠡᠨᠬᠦ ᠳᠡᠭᠡᠭᠰᠢᠯᠡᠭᠦᠯᠦᠨ᠂ ︽ᠡᠷᠡᠭᠦᠯ ᠡᠩᠭᠡ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ︾ ᠶᠢ ᠠᠬᠢᠭᠤᠯᠵᠤ᠂ ᠡᠷᠡᠭᠦᠯ ᠡᠩᠭᠡ ᠵᠤᠯ ᠵᠢᠷᠭᠠᠯᠲᠤ ᠪᠤᠯᠪᠠᠰᠤᠨ | ᠰᠠᠶᠢᠬᠠᠨ ᠰᠤᠷᠭᠠᠭᠤᠯᠢ ᠶᠢᠨ ᠬᠦᠷᠢᠶ᠎ᠡ ᠶᠢ ᠪᠦᠲᠦᠭᠡᠨ ᠪᠠᠶᠢᠭᠤᠯᠬᠤ ᠳᠤ ᠬᠦᠴᠦᠠ ᠨᠡᠮᠡᠷᠢᠯᠡᠵᠤ ᠪᠤᠢ᠃ | ᠲᠤᠰ ᠤᠳᠠᠭᠠᠨ ᠤ ᠠᠵᠢᠯᠯᠠᠭᠠᠨ ᠢ ᠭᠤᠣᠯ ᠰᠡᠳᠦᠪᠲᠦ ᠬᠠᠨ᠎ᠠ ᠶᠢᠨ ᠰᠣᠨᠢᠨ ᠡᠷᠬᠢᠯᠡᠬᠦ ᠬᠡᠯᠪᠡᠷᠢ ᠪᠠᠷ | ᠶᠠᠪᠤᠭᠳᠠᠭᠤᠯᠪᠠ᠃ ᠡᠯ᠎ᠡ ᠠᠩᠭᠢ ᠶᠢᠨ ᠬᠢᠨ ᠡᠨᠡ ᠵᠢᠯ ᠤᠨ ︽ᠨᠡᠶᠢᠭᠡᠮ ᠳᠠᠶᠠᠭᠠᠷ ᠬᠠᠮᠲᠤ ᠪᠠᠷ ᠵᠠᠰᠠᠬᠤ᠂ | ᠲᠦᠢᠯᠪᠤᠷᠢᠲᠠᠢ ᠤᠰᠠᠳᠬᠠᠬᠤ᠂ ᠣᠯᠠᠨ ᠢᠶᠠᠷ ᠢᠶᠠᠨ ᠵᠢᠷᠭᠠᠬᠤ︾ ᠠᠶᠢᠽ ᠡᠪᠡᠳᠴᠢᠨ ᠢ ᠰᠡᠷᠭᠡᠶᠢᠯᠡᠬᠦ ᠭᠤᠣᠯ | ᠰᠡᠳᠦᠪ ᠤᠨ ᠲᠤᠭᠤᠷᠢᠨ ᠳᠤ᠂ ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ ᠶᠡᠷᠦ ᠶᠢᠨ ᠮᠡᠳᠡᠯᠭᠡ︾ | ᠭᠡᠬᠦ ᠭᠠᠭᠴᠠ ᠰᠡᠳᠦᠪ ᠢᠶᠠᠷ ᠲᠤᠰᠬᠠᠢ ᠬᠠᠨ᠎ᠠ ᠶᠢᠨ ᠰᠣᠨᠢᠨ ᠭᠠᠷᠭᠠᠵᠤ᠂ ᠠᠶᠢᠽ ᠡᠪᠡᠳᠴᠢᠨ ᠤ ᠤᠨᠴᠠᠯᠢᠭ ᠰᠢᠨᠵᠢ᠂ | ᠡᠪᠡᠳᠴᠢᠨ ᠤ ᠢᠯᠡᠷᠡᠯ᠂ ᠬᠤᠣᠷ ᠬᠦᠨᠦᠭᠡᠯ᠂ ᠤᠷᠢᠳᠴᠢᠯᠠᠨ ᠰᠡᠷᠭᠡᠶᠢᠯᠡᠬᠦ ᠪᠠ ᠠᠷᠭᠠᠴᠠᠭᠠᠨ ᠰᠢᠢᠳᠪᠦᠷᠢᠯᠡᠬᠦ ᠠᠷᠭ᠎ᠠ | ᠵᠡᠷᠬᠡ ᠬᠠᠮᠢᠶ᠎ᠠ ᠪᠦᠬᠦᠢ ᠦᠨᠳᠦᠰᠦᠨ ᠮᠡᠳᠡᠯᠬᠡ ᠮᠡᠳᠡᠴᠡ ᠶᠢ PPT ᠵᠢᠷᠤᠭ ᠲᠠᠶᠢᠯᠪᠤᠷᠢ ᠪᠤᠯᠤᠨ ᠳᠦᠷᠰᠦ | ᠰᠢᠩᠭᠡᠭᠡᠯᠲᠡ ᠲᠠᠢ ᠤᠶᠠᠯᠳᠤᠭᠤᠯᠵᠤ ᠪᠠᠶᠢᠭᠠᠳ ᠪᠦᠬᠦ ᠲᠠᠯ᠎ᠠ ᠪᠠᠷ ᠲᠠᠨᠢᠯᠴᠠᠭᠤᠯᠤᠭᠰᠠᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ ᠪᠠᠭᠰᠢ ᠰᠤᠷᠤᠭᠴᠢᠳ ᠤᠨ ᠡᠷᠡᠭᠦᠯ ᠴᠢᠬᠢᠷᠠᠭ ᠤᠨ ᠲᠤᠬᠠᠢ | ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠦᠪ ᠤᠨᠤᠪᠴᠢᠲᠠᠢ ᠦᠷᠳᠡᠭ ᠤᠨ ᠦᠵᠡᠯᠲᠡ ᠪᠠ ᠶᠤᠰᠤ | ᠰᠤᠷᠲᠠᠬᠤᠨ ᠤ ᠦᠵᠡᠯᠲᠡ ᠶᠢ ᠪᠤᠢ ᠪᠤᠯᠭᠠᠵᠤ᠂ ᠰᠤᠷᠭᠠᠭᠤᠯᠢ ᠶᠢᠨ ᠬᠦᠷᠢᠶᠡᠨ ᠤ ᠠᠶᠢᠽ ᠡᠪᠡᠳᠴᠢᠨ ᠢ ᠰᠡᠷᠭᠡᠶᠢᠯᠡᠬᠦ | ᠪᠠ ᠡᠮᠨᠡᠨ ᠵᠠᠰᠠᠬᠤ ᠶᠡᠷᠦ ᠶᠢᠨ ᠮᠡᠳᠡᠯᠭᠡ ᠶᠢ ᠲᠦᠬᠡᠮᠡᠯᠵᠢᠬᠦᠯᠵᠦ᠂ ᠠᠶᠢᠽ ᠡᠪᠡᠳᠴᠢᠨ ᠤ ᠬᠤᠤᠷ ᠬᠦᠨᠦᠭᠡᠯ ᠢ | ᠰᠤᠷᠤᠭᠴᠢᠳ ᠲᠤ ᠬᠦᠢᠴᠡᠳ ᠲᠠᠨᠢᠭᠤᠯᠤᠨ᠂ ᠰᠤᠷᠤᠭᠴᠢᠳ ᠤᠨ ᠦᠪᠡᠷ ᠢ ᠪᠠᠨ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠵᠠᠢ᠃ | |