| ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠡᠷᠡᠭᠦᠯ ᠴᠢᠭᠢᠷᠠᠭ᠂ ᠠᠮᠤᠷ ᠲᠦᠪᠰᠢᠨ ᠢᠳᠡᠭᠡᠨ | ᠤᠮᠳᠠᠭᠠᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠶᠢᠨ ᠲᠥᠯᠥᠭᠡ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ | ᠰᠤᠷᠭᠠᠭᠤᠯᠢ ᠶᠢᠨ ᠬᠦᠷᠢᠶᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠳᠤᠯᠠᠬᠤ ᠪᠠᠷ᠂ 12 | ᠰᠠᠷ᠎ᠠ ᠶᠢᠨ 17 ᠤ ᠡᠳᠦᠷ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠤᠯᠠᠭᠠᠨᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠪᠠᠷ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ | ᠢᠳᠡᠭᠡᠨ ᠤ ᠠᠮᠤᠷ ᠲᠦᠪᠰᠢᠨ ᠢ ᠪᠠᠶᠢᠴᠠᠭᠠᠨ ᠤᠬᠠᠭᠤᠯᠬᠤ ᠠᠵᠢᠯᠯᠠᠭ᠎ᠠ ᠥᠷᠨᠢᠭᠦᠯᠪᠡ᠃ | | | | | | | ᠠᠵᠢᠯᠯᠠᠭ᠎ᠠ ᠶᠢᠨ ᠳᠤᠮᠳᠠ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠰᠤᠷᠭᠠᠭᠤᠯᠢ ᠶᠢᠨ ᠬᠤᠭᠤᠯᠠᠨ ᠬᠡᠷ ᠤᠨ ᠲᠣᠭᠤᠭᠠᠨ ᠬᠡᠷ ᠢᠶᠠᠷ | ᠭᠦᠨᠵᠡᠭᠡᠶᠢᠷᠡᠨ᠂ ᠢᠳᠡᠭᠡᠨ ᠤ ᠮᠠᠲ᠋ᠧᠷᠢᠶᠠᠯ ᠢ ᠬᠠᠳᠠᠭᠠᠯᠠᠬᠤ᠂ ᠡᠳ᠋ᠰᠢᠭᠦᠯᠦᠨ ᠦᠢᠯᠡᠳᠬᠦ ᠶᠠᠪᠤᠴᠠ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢ ᠨᠠᠷᠢᠨ ᠨᠢᠮᠪᠠᠶ ᠪᠠᠶᠢᠴᠠᠭᠠᠨ ᠰᠢᠯᠭᠠᠵᠤ᠂ ᠢᠳᠡᠭᠡᠨ ᠡᠳ᠋ᠰᠢᠭᠦᠯᠬᠦ ᠣᠷᠴᠢᠨ | ᠲᠣᠭᠤᠷᠢᠨ ᠤ ᠠᠮᠤᠷ ᠲᠦᠪᠰᠢᠨ ᠡᠷᠡᠭᠦᠯ ᠬᠠᠮᠠᠭᠠᠯᠠᠯ᠂ ᠢᠳᠡᠭᠡᠨ ᠤ ᠮᠠᠲ᠋ᠧᠷᠢᠶᠠᠯ ᠤᠨ ᠰᠢᠨ᠎ᠡ ᠰᠣᠷᠭᠤᠭ ᠴᠡᠪᠡᠷ᠂ ᠡᠯ᠎ᠡ | ᠵᠦᠢᠯ ᠤᠨ ᠠᠵᠢᠯᠯᠠᠭ᠎ᠠ ᠨᠢ ᠵᠢᠷᠤᠮᠵᠢᠭᠰᠠᠨ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ ᠪᠠᠲᠤᠯᠠᠪᠠ᠃ | | | | | | | | ᠡᠭᠦᠨ ᠤ ᠬᠠᠮᠲᠤ᠂ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠤᠬᠠᠮᠰᠠᠷ ᠬᠢᠭᠡᠳ ᠥᠪᠡᠷ ᠢ ᠪᠠᠨ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ | ᠰᠤᠷᠤᠭᠴᠢᠳ ᠲᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠥᠷᠨᠢᠭᠦᠯᠵᠦ᠂ ᠢᠳᠡᠭᠡᠨ | ᠰᠣᠩᠭᠤᠨ ᠬᠤᠳᠠᠯᠳᠤᠨ ᠠᠪᠬᠤ᠂ ᠰᠢᠯᠢᠳᠡᠭ ᠮᠠᠭᠤ ᠢᠳᠡᠭᠡᠨ ᠢ ᠢᠯᠭᠠᠨ ᠲᠠᠨᠢᠬᠤ ᠵᠢᠴᠢ ᠵᠦᠶ ᠵᠣᠬᠢᠰᠲᠠᠶ ᠢᠳᠡᠭᠡᠨ | ᠤᠮᠳᠠᠭᠠᠨ ᠵᠡᠷᠭᠡ ᠮᠡᠳᠡᠯᠭᠡ ᠶᠢᠨ ᠭᠤᠤᠯᠳᠠᠯᠭ᠎ᠠ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ᠰᠤᠷᠤᠭᠴᠢᠳ ᠢ | ᠵᠢᠯᠣᠭᠤᠳᠴᠤ ᠪᠠᠶᠢᠭᠠᠳ ᠡᠷᠡᠭᠦᠯ ᠢᠳᠡᠭᠡᠨ ᠤᠮᠳᠠᠭᠠᠨ ᠤ ᠳᠠᠳᠬᠠᠯ ᠲᠠᠢ ᠪᠣᠯᠭᠠᠵᠤ᠂ ︽ᠭᠤᠷᠪᠠ ᠥᠬᠡᠶ︾ | ᠢᠳᠡᠭᠡᠨ ᠠᠴᠠ ᠬᠤᠯᠠ ᠵᠠᠶᠢᠳᠠᠭᠤᠯᠤᠨ᠎ᠠ᠃ |