| | ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠨᠢᠭᠡ ᠥᠷᠲᠡᠭᠡᠴᠢᠯᠡᠬᠦ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠨᠢᠭᠡᠴᠢ ᠪᠣᠯᠤᠭᠰᠠᠨ ᠤ ᠬᠤᠪᠢ ᠳᠤ᠂ | ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠱᠧᠩᠯᠢ ᠲᠣᠮᠢᠯᠠᠭᠰᠠᠨ ᠰᠠᠯᠪᠤᠷᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠭᠡᠬᠦ ᠪᠠᠷ ᠨᠠᠰᠢ ᠴᠠᠰᠢ ᠶᠠᠪᠤᠵᠤ ᠪᠠᠶᠢᠭ᠎ᠠ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ | ᠪᠣᠳᠠᠲᠤ ᠠᠵᠢᠯᠯᠠᠭ᠎ᠠ ᠪᠠᠷ ᠢᠶᠠᠨ ︽ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠶᠢ | ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ | | | | | | | ᠱᠧᠩᠯᠢ ᠲᠣᠮᠢᠯᠠᠭᠰᠠᠨ ᠰᠠᠯᠪᠤᠷᠢ ᠳᠤ᠂ ᠵᠢᠯᠣᠭᠤᠴᠢ ᠶᠢᠨ ᠦᠨᠡᠮᠯᠡᠯ ᠤᠨ ᠦᠨᠡᠮᠯᠡᠯ ᠰᠣᠯᠢᠬᠤ ᠲᠤᠬᠠᠶᠢᠯᠠᠭᠰᠠᠨ | ᠠᠵᠢᠯ ᠢ ᠭᠦᠢᠴᠡᠳᠬᠡᠵᠦ ᠪᠠᠶᠢᠭ᠎ᠠ ᠼᠤᠤ ᠠᠪᠠᠭ᠋ᠠᠢ᠂ ︽ᠠᠦ᠋ᠲ᠋ᠣ᠋ ᠰᠡᠭᠦᠳᠡᠷᠯᠡᠬᠦ ᠮᠠᠰᠢᠨ︾ ᠤ ᠡᠮᠦᠨ᠎ᠡ᠂ ᠦᠬᠡ ᠶᠠᠷᠢᠶ᠎ᠠ | ᠪᠠᠷ ᠲᠠᠷᠤᠶᠢᠬᠠᠨ ᠵᠢᠯᠣᠭᠤᠳᠬᠤ ᠪᠠᠷ ᠳᠠᠮᠵᠢᠭᠤᠯᠵᠤ᠂ ᠭᠡᠷᠡᠯ ᠵᠢᠷᠤᠭ ᠢ ᠠᠮᠵᠢᠯᠲᠠ ᠲᠠᠢ ᠪᠠᠷ ᠰᠡᠭᠦᠳᠡᠷᠯᠡᠨ ᠦᠨᠡᠮᠯᠡᠯ | ᠰᠣᠯᠢᠬᠤ ᠲᠤᠬᠠᠶᠢᠯᠠᠭᠰᠠᠨ ᠠᠵᠢᠯ ᠢ ᠭᠦᠢᠴᠡᠳᠬᠡᠵᠠᠢ᠂ ︽ᠥᠩᠭᠡᠷᠡᠭᠰᠡᠨ ᠳᠤ ᠦᠨᠡᠮᠯᠡᠯ ᠰᠣᠯᠢᠬᠤ ᠳᠤ ᠨᠡᠯᠢᠶᠡᠳ | ᠶᠠᠷᠰᠢᠭ ᠲᠠᠢ᠂ ᠬᠡᠳᠦᠨ ᠭᠠᠵᠠᠷ ᠢᠶᠠᠷ ᠶᠠᠪᠤᠬᠤ ᠴᠢᠬᠤᠯᠠᠳᠠᠢ᠃ ᠣᠳᠣ ᠰᠡᠭᠦᠳᠡᠷ ᠲᠠᠲᠠᠬᠤ ᠠᠴᠠ ᠲᠤᠬᠠᠶᠢᠯᠠᠭᠰᠠᠨ | ᠠᠵᠢᠯ ᠢ ᠭᠦᠢᠴᠡᠳᠬᠡᠬᠦ ᠬᠦᠷᠲᠡᠯ᠎ᠡ᠂ ᠨᠢᠭᠡᠯᠡ ᠭᠠᠵᠠᠷ ᠲᠤ ᠰᠢᠢᠳᠪᠦᠷᠢᠯᠡᠴᠢᠬᠡᠨᠠ᠂ ᠡᠨᠡ ᠨᠢ ᠮᠠᠨ ᠤ ᠠᠵᠢᠯᠯᠠᠵᠤ | ᠪᠠᠶᠢᠭ᠎ᠠ ᠬᠥᠮᠦᠰ ᠲᠤ ᠠᠪᠴᠤ ᠬᠡᠯᠡᠪᠡᠯ ᠴᠠᠭ ᠪᠠ ᠤᠶᠤᠨ ᠴᠢᠳᠠᠯ ᠢ ᠶᠡᠬᠡᠪᠡᠷ ᠠᠷᠪᠢᠯᠠᠵᠠᠢ︾ ᠭᠡᠨ᠎ᠠ᠃ | ᠣᠶᠢᠷ᠎ᠠ ᠶᠢᠨ ᠵᠢᠯ ᠳᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠱᠧᠩᠯᠢ | ᠲᠣᠮᠢᠯᠠᠭᠰᠠᠨ ᠰᠠᠯᠪᠤᠷᠢ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠤᠷᠢᠯᠡᠬᠦ᠂ ᠨᠢᠭᠡ ᠤᠳᠠᠭ᠎ᠠ ᠳᠤ | ᠮᠡᠳᠡᠭᠳᠡᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠨᠢᠭᠡ ᠴᠣᠩᠬᠤᠪᠴᠢ ᠪᠠᠷ ᠦᠨᠡᠮᠯᠡᠯ ᠣᠯᠭᠤᠬᠤ︾ | ᠠᠵᠢᠯᠯᠠᠭᠠᠨ ᠤ ᠲᠣᠭᠲᠠᠴᠠ ᠪᠠᠷ ᠲᠠᠮᠵᠢᠨ ᠵᠠᠮ ᠬᠠᠷᠢᠯᠴᠠᠭᠠᠨ ᠤ ᠬᠠᠮᠢᠶᠠᠷᠤᠯᠲᠠ᠂ ᠠᠮᠤᠷ ᠢ ᠬᠠᠮᠠᠭᠠᠯᠠᠬᠤ ᠵᠢᠴᠢ | ᠬᠢᠯᠢ ᠪᠠᠷ ᠣᠷᠣᠵᠤ ᠭᠠᠷᠬᠤ 170 ᠵᠤᠶᠢᠯ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠢ | ᠶᠡᠷᠦᠩᠬᠡᠶᠢᠯᠡᠨ ᠳᠠᠭᠠᠭᠠᠴᠢᠯᠠᠭᠤᠯᠵᠤ᠂ ︽ᠨᠢᠭᠡ ᠥᠷᠲᠡᠭᠡᠴᠢᠯᠡᠬᠦ︾ ᠭᠦᠢᠴᠡᠳᠭᠡᠬᠦ ᠬᠡᠪᠴᠢᠶᠡᠨ ᠳᠤ ᠣᠷᠣᠭᠤᠯᠤᠨ᠂ | ᠰᠠᠭᠤᠭᠠᠯᠢ ᠠᠷᠠᠳ ᠤᠨ ᠠᠳᠠᠯᠢ ᠪᠤᠰᠤ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠠᠴᠠ | ᠪᠣᠯᠵᠣ ᠨᠠᠰᠢ ᠴᠠᠰᠢ ᠶᠠᠪᠤᠵᠤ ᠪᠠᠶᠢᠭ᠎ᠠ ᠪᠣᠳᠠᠲᠠᠶ ᠬᠦᠴᠢᠷ ᠠᠰᠠᠭᠤᠳᠠᠯ ᠢ ᠰᠢᠢᠳᠪᠤᠷᠢᠯᠡᠵᠠᠢ ᠃ | | | | | | | ︽ᠣᠲᠣ ᠪᠣᠯᠲᠠᠯ᠎ᠠ᠂ ᠱᠧᠩᠯᠢ ᠲᠣᠮᠢᠯᠠᠭᠰᠠᠨ ᠰᠠᠯᠪᠤᠷᠢ ᠶᠢᠨ ︿ᠨᠢᠭᠡ ᠥᠷᠲᠡᠭᠡᠴᠢᠯᠡᠬᠦ﹀ ᠵᠠᠰᠠᠭ ᠤᠨ | ᠶᠠᠪᠤᠳᠠᠯ ᠤᠨ ᠤᠶᠢᠯᠡᠴᠢᠯᠡᠭᠡᠨ ᠤ ᠲᠢᠩᠬᠢᠮ ᠳᠤ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠨᠡᠶᠢᠲᠡ | 20572 ᠬᠤᠪᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ 20404 ᠬᠤᠪᠢ᠂ | ᠠᠮᠤᠷ ᠢ ᠬᠠᠮᠠᠭᠠᠯᠠᠬᠤ ᠲᠤᠬᠠᠶᠢᠯᠠᠭᠰᠠᠨ ᠠᠵᠢᠯ ᠢ 60 ᠭᠠᠷᠤᠶ ᠬᠤᠪᠢ ᠭᠦᠢᠴᠡᠳᠭᠡᠵᠤ᠂ ᠣᠯᠠᠨ ᠲᠦᠮᠡᠨ ᠢ 6 | ᠲᠦᠮᠡ ᠭᠠᠷᠤᠶ ᠬᠥᠮᠦᠨ ᠤᠳᠠᠭ᠎ᠠ ᠭᠥᠯᠢᠶᠡᠨ ᠠᠪᠴᠠᠶ᠃ |