ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ  ᠤ ᠭᠠᠳᠠᠨᠠᠬᠢ ᠤᠷᠠᠯᠢᠭ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠥᠪᠰᠢᠨ ᠤ ᠲᠤᠬᠠᠢ ᠲᠤᠰᠬᠠᠶ ᠪᠠᠶᠢᠴᠠᠭᠠᠯᠲᠠ ᠥᠷᠨᠢᠭᠦᠯᠦᠭᠰᠡᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/27
     ᠰᠤᠷᠭᠠᠭᠤᠯᠢ ᠶᠢᠨ ᠬᠦᠷᠢᠶᠡᠨ ᠤ ᠭᠠᠳᠠᠨᠠᠬᠢ ᠰᠢᠨᠵᠢᠯᠡᠭᠡᠨ ᠤ ᠪᠤᠰᠤ ᠤᠷᠠᠯᠢᠭ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠭᠠᠳᠠᠨᠠᠬᠢ ᠤᠷᠠᠯᠢᠭ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠥᠪᠰᠢᠨ ᠤ ᠲᠤᠬᠠᠢ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃     ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠬᠤᠲᠠ ᠶᠢᠨ ᠳᠣᠲᠣᠷᠠᠬᠢ ᠰᠤᠷᠭᠠᠭᠤᠯᠢ ᠶᠢᠨ ᠬᠦᠷᠢᠶᠡᠨ ᠤ ᠭᠠᠳᠠᠨᠠᠬᠢ ᠣᠯᠠᠨ ᠤᠷᠠᠯᠢᠭ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠬᠠᠮᠤᠷᠴᠠᠶ᠃ ᠪᠠᠶᠢᠴᠠᠭᠠᠬᠤ ᠠᠵᠢᠯᠲᠠᠳ ᠡᠯ᠎ᠡ ᠪᠣᠯᠪᠠᠰᠤᠷᠠᠯ ᠤᠨ ᠪᠠᠶᠢᠭᠤᠯᠤᠮᠵᠢ ᠶᠢᠨ ᠲᠠᠯᠠᠪᠤᠷ ᠭᠠᠵᠠᠷ ᠤᠨ ᠲᠥᠬᠦᠭᠡᠷᠦᠮᠵᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠴᠠᠬᠢᠯᠭᠠᠨ ᠲᠥᠬᠦᠭᠡᠷᠦᠮᠵᠢ ᠵᠡᠷᠭᠡ ᠬᠠᠲᠠᠭᠤ ᠲᠣᠨᠤᠭ ᠤᠨ ᠨᠥᠬᠦᠴᠡᠯ ᠳᠤ ᠪᠦᠬᠦ ᠲᠠᠯ᠎ᠠ ᠪᠠᠷ ᠨᠠᠷᠢᠨ ᠪᠠᠶᠢᠴᠠᠭᠠᠯᠲᠠ ᠬᠢᠪᠡ᠃ ᠭᠠᠯ ᠤᠨᠲᠠᠷᠠᠭᠠᠬᠤ ᠵᠠᠮ ᠰᠠᠭᠠᠳ ᠦᠭᠡᠶ ᠨᠡᠪᠲᠡᠷᠡᠬᠦ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠬᠤᠭᠤᠴᠠᠭ᠎ᠠ ᠨᠢ ᠥᠩᠭᠡᠷᠡᠭᠡᠳ ᠬᠦᠴᠦᠨ ᠦᠭᠡᠶ ᠪᠣᠯᠤᠭᠰᠠᠨ ᠡᠰᠡᠬᠦ᠂ ᠴᠠᠬᠢᠯᠭᠠᠨ ᠬᠡᠯᠬᠢᠶ᠎ᠡ ᠬᠠᠭᠤᠴᠢᠷᠬᠠᠰᠠᠨ ᠵᠡᠷᠭᠡ ᠠᠮᠤᠷ ᠲᠦᠪᠰᠢᠨ ᠤ ᠳᠠᠯᠳᠠ ᠭᠡᠮ ᠪᠠᠶᠢᠬᠤ ᠡᠰᠡᠬᠦ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠪᠣᠯᠪᠠᠰᠤᠷᠠᠯ ᠤᠨ ᠪᠠᠶᠢᠭᠤᠯᠤᠮᠵᠢ ᠶᠢᠨ ᠰᠠᠭᠤᠷᠢ ᠣᠷᠴᠢᠨ ᠲᠣᠭᠤᠷᠢᠨ ᠤ ᠠᠮᠤᠷ ᠲᠦᠪᠰᠢᠨ ᠤ ᠪᠠᠷᠢᠮᠵᠢᠶ᠎ᠠ ᠳᠤ ᠬᠦᠷᠬᠦ ᠶᠢ ᠦᠨᠡᠨ ᠬᠦ ᠪᠠᠲᠤᠯᠠᠵᠠᠢ᠃     ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠲᠠᠯ᠎ᠠ ᠪᠠᠷ᠂ ᠡᠯ᠎ᠡ ᠪᠠᠶᠢᠭᠤᠯᠤᠮᠵᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠡᠳᠦᠷ ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠲᠡᠮᠳᠡᠭᠯᠡᠯ ᠵᠢᠴᠢ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠦᠭᠰᠡᠨ ᠪᠠᠶᠢᠳᠠᠯ ᠵᠡᠷᠭᠡ ᠮᠠᠲ᠋ᠧᠷᠢᠶᠠᠯ ᠢ ᠨᠠᠷᠢᠨ ᠪᠠᠶᠢᠴᠠᠭᠠᠵᠦ᠂ ᠪᠠᠶᠢᠭᠤᠯᠤᠮᠵᠢ ᠶᠢ ᠰᠢᠮᠳᠠᠭᠤᠯᠵᠤ ᠤᠷᠲᠤ ᠬᠤᠭᠤᠴᠠᠭᠠᠨ ᠤ ᠪᠦᠲᠦᠮᠵᠢᠲᠡᠶ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠦᠵᠡᠯ ᠤᠬᠠᠮᠰᠠᠷ ᠤᠨ ᠬᠥᠮᠦᠵᠢᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃     ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠬᠠᠮᠢᠶ᠎ᠠ ᠪᠥᠬᠦᠶ ᠪᠣᠯᠪᠠᠰᠤᠷᠠᠯ ᠤᠨ ᠪᠠᠶᠢᠭᠤᠯᠤᠮᠵᠢ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ ᠳᠠᠷᠠᠭᠠᠴᠢ ᠪᠠᠷ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠭᠠᠳᠠᠨᠠᠬᠢ ᠤᠷᠠᠯᠢᠭ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠬᠤ ᠠᠵᠢᠯ ᠥᠷᠨᠢᠭᠦᠯᠵᠦ᠂ ᠲᠤᠰᠬᠠᠶ ᠪᠠᠶᠢᠴᠠᠭᠠᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠪᠥᠬᠦ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠭᠠᠳᠠᠨᠠᠬᠢ ᠤᠷᠠᠯᠢᠭ ᠤᠨ ᠲᠥᠷᠥᠯ ᠤᠨ ᠪᠣᠯᠪᠠᠰᠤᠷᠠᠯ ᠤᠨ ᠠᠵᠢᠯ ᠲᠥᠷᠥᠯ ᠳᠤ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠬᠠᠩᠭᠠᠵᠤ᠂ ᠰᠣᠶᠣᠯ ᠤᠷᠠᠯᠢᠭ ᠤᠨ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号