ᠤᠯᠠᠭᠠᠨᠬᠤᠲᠠ ᠭᠤᠤᠯ ᠮᠦᠷᠡᠨ ᠤ ᠳᠠᠷᠤᠭ᠎ᠠ ᠶᠢᠨ ᠳᠦᠷᠢᠮ ᠢᠶᠠᠷ ᠭᠤᠤᠯ ᠮᠥᠷᠡᠨ ᠤ ᠵᠠᠰᠠᠯᠲᠠ ᠶᠢ ᠠᠬᠢᠭᠤᠯᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/27
    ᠤᠢᠢᠷ᠎ᠠ ᠶᠢᠨ ᠵᠢᠯ ᠠᠴᠠ᠂ ᠤᠯᠠᠭᠠᠨᠬᠤᠲᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠤᠰᠤᠨ ᠤ ᠠᠮᠢ ᠠᠬᠤᠢ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠶᠡᠬᠡᠪᠡᠷ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠪᠠ᠃    ᠢᠯᠠᠯᠲᠠ ᠪᠠᠯᠭᠠᠰᠤᠨ ᠤ ᠢᠯᠠᠯᠲᠠ ᠭᠠᠴᠠᠭᠠᠨ ᠳᠤ᠂ ᠭᠤᠣᠯ ᠤᠨ ᠳᠠᠷᠤᠭ᠎ᠠ ᠶᠠᠭ ᠭᠤᠣᠯ ᠤᠨ ᠡᠷᠬᠢ ᠳᠠᠭᠠᠤ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠬᠤ ᠶᠢᠨ ᠬᠠᠮᠲᠤ ᠭᠠᠷ ᠤᠲᠠᠰᠤ ᠪᠠᠷ ᠭᠤᠣᠯ ᠢ ᠴᠠᠭᠳᠠᠨ ᠪᠠᠶᠢᠴᠠᠭᠠᠭᠰᠠᠨ ᠪᠠᠶᠢᠳᠠᠯ᠂ ᠤᠰᠤᠨ ᠤ ᠴᠢᠨᠠᠷ ᠤᠨ ᠬᠤᠪᠢᠷᠠᠯᠲᠠ ᠵᠡᠷᠭᠡ ᠮᠡᠳᠡᠭᠡ ᠵᠠᠩᠭᠢ ᠶᠢ ᠨᠠᠷᠢᠨ ᠨᠢᠭᠲᠠ ᠲᠡᠮᠳᠡᠭᠯᠡᠵᠦ ᠪᠠᠶᠢᠨ᠎ᠠ᠃ ᠲᠣᠭᠠᠴᠢᠯᠠᠭᠰᠠᠨ ᠬᠥᠳᠡᠯᠦᠩᠭᠦᠶ ᠬᠠᠮᠢᠶᠠᠷᠤᠯᠲᠠ ᠶᠢᠨ ᠪᠠᠭᠠᠵᠢ ᠶᠢᠨ ᠬᠡᠷᠡᠭᠯᠡᠯᠲᠡ ᠨᠢ ᠭᠤᠤᠯ ᠮᠥᠷᠡᠨ ᠨᠠᠭᠤᠷ ᠴᠥᠭᠦᠷᠥᠮ ᠤᠨ ᠥᠨᠳᠥᠷ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠪᠡᠶᠡᠯᠡᠭᠦᠯᠦᠭᠰᠡᠨ ᠪᠠᠶᠢᠨ᠎ᠠ᠃
2024122614440599194.jpg
    ︽ᠰᠠᠷ᠎ᠠ ᠪᠦᠷᠢ ᠪᠢ ᠭᠤᠤᠯ ᠮᠥᠷᠡᠨ ᠪᠠ ᠭᠤᠤᠯᠳᠠᠯᠭ᠎ᠠ ᠲᠠᠢ ᠭᠤᠤᠯ ᠤᠨ ᠬᠡᠰᠡᠭ ᠢ ᠲᠣᠭᠤᠷᠢᠨ ᠪᠠᠶᠢᠴᠠᠭᠠᠵᠤ᠂ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠬᠦ ᠶᠢᠨ ᠬᠠᠮᠲᠤ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠡᠷᠭᠢ ᠶᠢᠨ ᠱᠤᠭᠤᠮ ᠤᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠴᠢᠩᠭᠠᠳᠬᠠᠵᠤ᠂ ᠭᠤᠤᠯ ᠲᠠᠢ ᠬᠤᠯᠪᠣᠭᠳᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠠᠢ᠃ ᠠᠮᠢ ᠠᠬᠤᠢ ᠰᠠᠶᠢᠵᠢᠷᠠᠵᠤ᠂ ᠠᠷᠠᠳ ᠲᠦᠮᠡᠨ ᠴᠤ ᠰᠠᠨᠠᠭ᠎ᠠ ᠲᠠᠪᠠᠲᠠᠢ ᠠᠮᠢᠳᠤᠷᠠᠨ ᠣᠷᠤᠰᠢᠵᠤ ᠳᠡᠶᠢᠯᠦᠨ᠎ᠡ︾ ᠭᠡᠵᠦ ᠢᠯᠠᠯᠲᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠲᠡᠰ ᠤᠨ ᠭᠤᠣᠯ ᠮᠥᠷᠡᠨ ᠤ ᠳᠠᠷᠤᠭ᠎ᠠ ᠨᠠᠷᠠᠰᠤ ᠬᠡᠯᠡᠨ᠎ᠡ᠃    ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠡᠶᠢᠲᠡ 115 ᠬᠥᠮᠦᠨ ᠪᠠᠶᠢᠨ᠎ᠠ᠂ ᠡᠭᠦᠨ ᠳᠤ ᠬᠤᠲᠠ ᠶᠢᠨ ᠳᠡᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ 10 ᠬᠥᠮᠦᠨ᠂ ᠪᠠᠯᠭᠠᠰᠤᠨ ᠤ ᠲᠠᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ 41 ᠬᠥᠮᠦᠨ᠂ ᠭᠠᠴᠠᠭ᠎ᠠ ᠲᠣᠰᠬᠤᠨ ᠤ ᠲᠠᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ 64 ᠬᠥᠮᠦᠨ ᠪᠣᠶ᠃ ᠡᠨᠡ ᠵᠢᠯ ᠠᠴᠠ ᠨᠠᠭᠠᠰᠢ᠂ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠡᠶᠢᠲᠡ 2532 ᠤᠳᠠᠭ᠎ᠠ ᠴᠠᠭᠳᠠᠨ ᠪᠠᠶᠢᠴᠠᠭᠠᠵᠤ᠂ 22 ᠵᠤᠷᠪᠤᠰ 1700 ᠭᠠᠷᠤᠶ ᠺᠢᠯᠣᠮᠧᠲᠷ ᠭᠤᠤᠯ ᠮᠥᠷᠡᠨ ᠨᠠᠭᠤᠷ ᠴᠥᠭᠦᠷᠥᠮ ᠢ ᠵᠢᠭᠰᠠᠭᠠᠨ ᠪᠠᠶᠢᠴᠠᠭᠠᠪᠠ᠃
2024122614441510692.png
    ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠣᠣ ᠳ᠋ᠦᠩ ᠮᠢᠩ ᠠᠴᠠ᠂ ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠣᠮᠢᠨ ᠨᠣᠭᠤᠭᠠᠨ ᠭᠤᠤᠯ ᠮᠥᠷᠡᠨ ᠨᠠᠭᠤᠷ ᠴᠥᠭᠦᠷᠥᠮ᠂ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠦᠷᠥᠮ ᠢ ᠪᠥᠲᠥᠭᠡᠨ ᠪᠠᠶᠢᠭᠤᠯᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠳᠤ ᠦᠵᠡᠭᠦᠯᠬᠦ ᠲᠤᠰᠠᠯᠠᠬᠤ ᠦᠢᠯᠡᠳᠦᠯ ᠢ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠭᠤᠤᠯ ᠮᠥᠷᠡᠨ ᠨᠠᠭᠤᠷ ᠴᠥᠭᠦᠷᠥᠮ ᠢ ᠬᠠᠯᠠᠮᠵᠢᠯᠠᠨ ᠬᠠᠶᠢᠷᠠᠯᠠᠬᠤ᠂ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠪᠣᠶ ᠪᠣᠯᠭᠠᠵᠤ᠂ ︽ᠬᠥᠬᠡ ᠣᠭᠲᠠᠷᠭᠤᠶ ᠬᠥᠬᠡᠮᠳᠦᠭ ᠤᠰᠤ︾ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠠᠮᠢ ᠠᠬᠤᠶ ᠶᠢᠨ ᠪᠣᠯᠪᠠᠰᠤᠨ ᠤ ᠰᠢᠨ᠎ᠡ ᠪᠠᠶᠢᠷᠢᠰᠢᠯ ᠢ ᠪᠠᠶᠢᠭᠤᠯᠤᠨ᠎ᠠ ᠭᠡᠵᠦ ᠢᠯᠡᠷᠬᠡᠶᠢᠯᠡᠵᠡᠢ᠃   
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号