| ᠤᠯᠠᠭᠠᠨᠬᠤᠲᠠ᠂ ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ᠂ ᠡᠷᠡᠭᠦᠯ ᠮᠡᠨᠳᠦ ᠶᠢᠨ ᠠᠵᠢᠯᠯᠠᠭ᠎ᠠ ᠶᠢ ᠠᠬᠢᠭᠤᠯᠬᠤ | ᠠᠯᠪᠠᠨ ᠬᠡᠷ᠂ ᠠᠶᠢᠮᠠᠭ ᠤᠨ ᠰᠢᠭᠤᠳ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ | ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠠᠶᠢᠮᠠᠭ ᠤᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢᠨ ᠲᠥᠪ ᠲᠤ᠄ | ᠡᠷᠡᠭᠦᠯ ᠡᠩᠬᠡ ᠬᠢᠩᠭᠠᠨ ᠤ ᠠᠵᠢᠯᠯᠠᠭ᠎ᠠ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠬᠥᠮᠦᠨ ᠠᠮᠠ ᠶᠢᠨ | ᠨᠠᠰᠤᠵᠢᠯᠲᠠ ᠶᠢ ᠢᠳᠡᠪᠬᠢᠲᠡᠶ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠬᠢᠩᠭᠠᠨ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠬᠢᠩᠭᠠᠨ ᠠᠶᠢᠮᠠᠭ ᠤᠨ ᠴᠢᠳᠠᠪᠤᠷᠢ ᠪᠠᠨ | ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠶᠢᠴᠤᠳ ᠢ ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠲᠥᠷᠥᠯ | ᠵᠦᠢᠯ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠢᠩᠭᠠᠨ | ᠡᠷᠡᠭᠦᠯ ᠬᠡᠷ ᠪᠦᠯᠢ ᠥᠰᠥᠭ ﹇2024﹈ 3 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠂ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ᠂ | ᠡᠷᠡᠭᠦᠯ ᠡᠩᠬᠡ ᠬᠢᠩᠭᠠᠨ ᠠᠵᠢᠯᠯᠠᠭ᠎ᠠ ᠶᠢ ᠠᠬᠢᠭᠤᠯᠬᠤ ᠠᠯᠪᠠᠨ ᠬᠡᠷ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠠᠴᠠ ᠬᠢᠩᠭᠠᠨ ᠠᠶᠢᠮᠠᠭ ᠤᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ | ᠨᠠᠰᠤᠲᠠᠶᠢᠴᠤᠳ ᠢ ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠲᠥᠷᠥᠯ ᠵᠦᠢᠯ ᠤᠨ ᠲᠤᠷᠰᠢᠯᠲᠠ ᠶᠢᠨ ᠴᠡᠭ — | ᠡᠷᠡᠭᠦᠯ ᠮᠡᠨᠳᠦ ᠶᠢᠨ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ | ᠪᠥᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠠᠵᠢᠯ ᠤᠨ ᠬᠠᠷᠠᠯᠲᠠ ᠨᠠᠰᠤᠲᠠᠶᠢᠴᠤᠳ ᠤᠨ ᠴᠢᠳᠠᠪᠤᠷᠢ ᠪᠠᠨ ᠠᠯᠳᠠᠵᠤ ᠣᠶᠤᠨ ᠤᠬᠠᠭᠠᠨ ᠢᠶᠠᠨ | ᠠᠯᠳᠠᠬᠤ ᠶᠢ ᠤᠷᠢᠳᠴᠢᠯᠠᠨ ᠰᠡᠷᠭᠡᠶᠢᠯᠡᠵᠦ ᠭᠠᠷ ᠲᠦᠷᠦᠭᠦ ᠦᠷ᠎ᠡ ᠪᠦᠲᠦᠭᠡᠯ ᠢ ᠭᠦᠨᠵᠡᠭᠡᠶᠢᠷᠡᠭᠦᠯᠵᠦ ᠡᠷᠡᠭᠦᠯ | ᠮᠡᠨᠳᠦ ᠶᠢᠨ ᠮᠡᠳᠡᠯᠭᠡ ᠪᠠ ᠤᠷ᠎ᠠ ᠴᠢᠳᠠᠪᠤᠷᠢ ᠶᠢ ᠨᠠᠰᠤᠲᠠᠶᠢᠴᠤᠳ ᠤᠨ ᠳᠤᠮᠳᠠ ᠨᠡᠩ ᠥᠷᠭᠡᠨ ᠨᠡᠩ | ᠪᠦᠲᠦᠮᠵᠢᠲᠡᠶ ᠪᠠᠷ ᠤᠯᠠᠮᠵᠢᠯᠠᠨ ᠳᠡᠯᠭᠡᠷᠡᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠠᠵᠢᠯᠲᠠᠨ ᠤ ᠨᠠᠰᠤᠲᠠᠶᠢᠴᠤᠳ ᠤᠨ ᠴᠢᠳᠠᠪᠤᠷᠢ ᠪᠠᠨ ᠠᠯᠳᠠᠵᠤ ᠣᠶᠤᠨ ᠢᠶᠠᠨ ᠠᠯᠳᠠᠬᠤ ᠶᠢ | ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠦᠵᠡᠯ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ | ᠳᠡᠭᠡᠭᠰᠢᠯᠡᠭᠦᠯᠵᠦ᠂ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠨᠠᠰᠤᠲᠠᠶᠢᠴᠤᠳ ᠤᠨ ᠴᠢᠳᠠᠪᠤᠷᠢ ᠪᠠᠨ ᠠᠯᠳᠠᠵᠤ | ᠣᠶᠤᠨ ᠢᠶᠠᠨ ᠠᠯᠳᠠᠬᠤ ᠶᠢ ᠤᠷᠢᠳᠴᠢᠯᠠᠨ ᠰᠡᠷᠭᠡᠶᠢᠯᠡᠬᠦ ᠪᠤᠶᠤ ᠤᠳᠠᠭᠠᠰᠢᠷᠠᠭᠤᠯᠵᠤ᠂ ᠨᠠᠰᠤᠲᠠᠶᠢᠴᠤᠳ ᠤᠨ ᠡᠷᠡᠭᠦᠯ | ᠮᠡᠨᠳᠦ ᠠᠮᠢᠳᠤᠷᠠᠯ ᠤᠨ ᠣᠷᠴᠢᠨ ᠲᠣᠭᠤᠷᠢᠨ ᠢ ᠪᠠᠶᠢᠭᠤᠯᠤᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠶᠠᠷ᠂ ᠠᠵᠢᠯᠯᠠᠭ᠎ᠠ ᠶᠢᠨ ᠬᠡᠪᠴᠢᠶ᠎ᠡ ᠵᠢᠴᠢ ᠴᠠᠭ ᠬᠤᠭᠤᠴᠠᠭ᠎ᠠ | ︵ᠨᠢᠭᠡ︶ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ᠃ ᠤᠯᠠᠭᠠᠨᠬᠤᠲᠠ ᠶᠢᠨ ᠬᠤᠲᠠ ᠶᠢᠨ ᠲᠡᠭᠦᠷᠭᠡ ᠶᠢᠨ ᠬᠡᠷᠡᠭ | ᠡᠷᠬᠢᠯᠡᠬᠦ ᠭᠠᠵᠠᠷ ᠤᠨ ᠬᠤᠸᠠᠨ ᠱᠠᠨ ᠨᠡᠶᠢᠭᠡᠮ ᠲᠣᠭᠤᠷᠢᠭ᠂ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ | ᠪᠠᠶᠠᠨ ᠨᠡᠶᠢᠭᠡᠮ ᠲᠣᠭᠤᠷᠢᠭ᠃ ᠲᠤᠷᠰᠢᠯᠲᠠ ᠶᠢᠨ ᠬᠠᠷᠢᠶ᠎ᠠ ᠣᠷᠣᠨ ᠤ ᠳᠣᠲᠣᠷᠠᠬᠢ ᠬᠤᠪᠢ ᠣᠯᠭᠤᠬᠤ ᠬᠤᠪᠢ ᠨᠢ 4 | ᠬᠤᠪᠢ ᠠᠴᠠ ᠶᠡᠭᠡ ᠪᠠᠶᠢᠬᠤ ᠪᠦᠬᠦᠯᠢ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠢ ᠪᠦᠬᠦᠨ ᠢ | ᠬᠠᠮᠢᠶᠠᠷᠤᠯᠲᠠ ᠳᠤ ᠣᠷᠣᠭᠤᠯᠵᠤ᠂ ᠬᠤᠪᠢ ᠣᠯᠭᠤᠬᠤ ᠬᠤᠪᠢ ᠨᠢ 0 — 3 ᠬᠤᠪᠢ ᠶᠢᠨ ᠪᠦᠬᠦᠯᠢ 65 ᠨᠠᠰᠤ | ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠢ ᠬᠠᠮᠢᠶᠠᠷᠤᠯᠲᠠ ᠳᠤ ᠣᠷᠣᠭᠤᠯᠬᠤ ᠬᠥᠮᠦᠨ ᠤ ᠲᠤᠭ᠎ᠠ ᠶᠢ | 10% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | ︵ᠬᠤᠶᠠᠷ︶ ᠠᠵᠢᠯᠯᠠᠭᠠᠨ ᠤ ᠴᠠᠭ ᠬᠤᠭᠤᠴᠠᠭ᠎ᠠ᠃ 2024 ᠣᠨ ᠠᠴᠠ 2026 ᠣᠨ ᠪᠣᠯᠲᠠᠯ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ | ᠭᠠᠷᠳᠠᠴᠠ ᠪᠣᠯᠭᠠᠵᠤ᠂ ᠡᠷᠡᠭᠦᠯ ᠮᠡᠨᠳᠦ ᠠᠮᠢᠳᠤᠷᠠᠯ ᠢ ᠲᠦᠭᠡᠮᠡᠯᠵᠢᠭᠦᠯᠬᠦ᠂ ᠡᠷᠡᠭᠦᠯ ᠮᠡᠨᠳᠦ ᠶᠢᠨ ᠦᠢᠯᠡᠴᠢᠯᠡᠭᠡ ᠶᠢ | ᠳᠡᠭᠡᠭᠰᠢᠯᠡᠭᠦᠯᠬᠦ᠂ ᠡᠷᠡᠭᠦᠯ ᠮᠡᠨᠳᠦ ᠶᠢᠨ ᠪᠠᠲᠤᠯᠠᠭ᠎ᠠ ᠶᠢ ᠲᠡᠭᠦᠯᠳᠡᠷᠵᠢᠭᠦᠯᠬᠦ᠂ ᠡᠷᠡᠭᠦᠯ ᠮᠡᠨᠳᠦ ᠣᠷᠴᠢᠨ ᠲᠣᠭᠤᠷᠢᠨ ᠢ | ᠪᠠᠶᠢᠭᠤᠯᠬᠤ ᠵᠡᠷᠭᠡ ᠪᠠᠷ ᠭᠤᠤᠯᠳᠠᠯᠭ᠎ᠠ ᠪᠣᠯᠭᠠᠨ᠂ ᠠᠵᠢᠯᠯᠠᠭᠠᠨ ᠤ ᠠᠴᠢᠶᠠᠯᠠᠪᠤᠷᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠠᠵᠢᠯᠯᠠᠭᠠᠨ ᠤ ᠦᠷ᠎ᠡ ᠪᠦᠲᠦᠮᠵᠢ ᠶᠢ ᠳᠣᠪᠤᠶᠢᠯᠭᠠᠨ᠂ ᠬᠢᠩᠭᠠᠨ ᠠᠶᠢᠮᠠᠭ ᠤᠨ ᠴᠢᠳᠠᠪᠤᠷᠢ ᠪᠠᠨ | ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠶᠢᠴᠤᠳ ᠢ ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠠᠵᠢᠯ ᠢ ᠪᠥᠬᠦ | ᠲᠠᠯ᠎ᠠ ᠪᠠᠷ ᠠᠬᠢᠭᠤᠯᠤᠨ᠎ᠠ᠃ | ︵ᠨᠢᠭᠡ︶ ︽ᠡᠭᠦᠳᠡ ᠲᠣᠭᠰᠢᠬᠤ︾ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ᠃ ᠲᠤᠷᠰᠢᠯᠲᠠ | ᠬᠢᠬᠦ ᠨᠠᠰᠤᠲᠠᠶᠢᠴᠤᠳ ᠤᠨ ᠬᠡᠷᠡᠭᠴᠡᠭᠡ ᠳᠤ ᠴᠢᠭᠯᠡᠭᠦᠯᠦᠨ᠂ ᠤᠳᠠᠭᠠᠨ ᠴᠢᠨᠠᠷᠲᠠᠶ ᠡᠪᠡᠳᠴᠢᠨ ᠤ ᠥᠪᠡᠷ ᠤᠨ ᠡᠷᠡᠭᠦᠯ | ᠮᠡᠨᠳᠦ ᠶᠢᠨ ᠬᠠᠮᠢᠶᠠᠷᠤᠯᠲᠠ᠂ ᠢᠳᠡᠭᠡᠨ ᠤᠮᠳᠠᠭᠠᠨ ᠤ ᠰᠢᠮ᠎ᠡ ᠲᠡᠵᠢᠭᠡᠯ᠂ ᠬᠥᠳᠡᠯᠭᠡᠭᠡᠨ ᠬᠢᠬᠦ ᠳᠤ ᠳᠣᠭᠢᠷᠠᠬᠤ᠂ | ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠵᠢᠴᠢ ᠠᠶᠤᠯᠲᠠᠶ ᠬᠦᠴᠦᠨ ᠵᠦᠢᠯ ᠤᠨ ᠬᠠᠮᠢᠶᠠᠷᠤᠯᠲᠠ᠂ | ᠢᠳᠡᠭᠡᠨ ᠤᠮᠳᠠᠭᠠᠨ ᠤ ᠬᠠᠮᠢᠶᠠᠷᠤᠯᠲᠠ᠂ ᠪᠡᠶ᠎ᠡ ᠶᠢᠨ ᠬᠦᠨᠳᠦ ᠶᠢᠨ ᠬᠠᠮᠢᠶᠠᠷᠤᠯᠲᠠ᠂ ᠰᠤᠯᠠᠳᠬᠠᠬᠤ ᠪᠣᠯᠪᠠᠰᠤᠷᠠᠯ᠂ | ᠰᠠᠭᠠᠲᠠᠯ ᠢ ᠡᠰᠡᠷᠭᠦᠴᠡᠬᠦ ᠪᠣᠯᠪᠠᠰᠤᠷᠠᠯ ᠵᠡᠷᠭᠡ ᠠᠭᠤᠯᠭ᠎ᠠ ᠶᠢᠨ ᠲᠣᠭᠤᠷᠢᠨ ᠳᠤ᠂ ᠡᠷᠡᠭᠦᠯ ᠮᠡᠨᠳᠦ ᠶᠢᠨ ᠬᠥᠮᠦᠵᠢᠯ ᠤᠨ | ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ ᠮᠡᠨᠳᠦ ᠶᠢᠨ ᠵᠥᠪ ᠣᠶᠢᠯᠠᠭᠠᠭᠳᠠᠬᠤᠨ ᠢ ᠤᠯᠠᠮᠵᠢᠯᠠᠨ᠂ ᠨᠠᠰᠤᠲᠠᠶᠢᠴᠤᠳ ᠢ | ᠬᠥᠲᠥᠯᠦᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠠᠮᠢᠳᠤᠷᠠᠯ ᠤᠨ ᠵᠥᠪ ᠳᠠᠳᠬᠠᠯ ᠪᠠ ᠡᠷᠡᠭᠦᠯ ᠮᠡᠨᠳᠦ | ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠨ᠎ᠠ᠃ ᠵᠢᠯ ᠤᠨ ᠳᠣᠲᠣᠷ᠎ᠠ᠂ ᠰᠠᠷ᠎ᠠ ᠪᠦᠷᠢ ᠲᠤᠷᠰᠢᠯᠲᠠ ᠶᠢᠨ ᠴᠡᠭ ᠤᠨ | ᠨᠡᠶᠢᠭᠡᠮ ᠲᠣᠭᠤᠷᠢᠭ ᠲᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠶ ᠰᠡᠳᠦᠪᠲᠦ | ᠲᠠᠶᠢᠯᠤᠮᠵᠢ ᠶᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠥᠷᠨᠢᠭᠦᠯᠬᠦ ᠶᠢᠨ ᠬᠠᠮᠲᠤ᠂ ᠨᠠᠭᠠᠳᠤ ᠵᠠᠬ᠎ᠠ ᠳᠠᠭᠠᠨ 10 | ᠲᠤᠷᠰᠢᠯᠲᠠ ᠶᠢᠨ ᠴᠡᠭ ᠤᠨ ᠬᠡᠷ ᠪᠦᠯᠢ ᠳᠤ ︽ᠡᠭᠦᠳᠡ ᠲᠣᠭᠰᠢᠵᠤ︾᠂ ᠡᠷᠡᠭᠦᠯ ᠮᠡᠨᠳᠦ ᠶᠢᠨ ᠤᠬᠠᠭᠤᠯᠭ᠎ᠠ | ᠬᠥᠮᠦᠵᠢᠯ ᠢ ᠨᠢᠭᠤᠷᠲᠠᠨ ᠥᠷᠨᠢᠭᠦᠯᠵᠦ᠂ ᠵᠢᠯ ᠤᠨ ᠡᠴᠦᠰ ᠠᠴᠠ ᠡᠮᠦᠨ᠎ᠡ ᠲᠤᠷᠰᠢᠯᠲᠠ ᠶᠢᠨ ᠴᠡᠭ ᠤᠨ ᠬᠡᠷ ᠪᠦᠯᠢ ᠶᠢ | ᠡᠷᠦᠬᠡ ᠳᠤ ᠣᠷᠣᠭᠤᠯᠬᠤ ᠶᠢ ᠪᠦᠬᠦᠨ ᠢ ᠬᠠᠮᠤᠷᠬᠤ ᠬᠡᠷᠡᠭᠲᠡᠶ᠃ | ︵ᠬᠤᠶᠠᠷ︶ ︽ᠡᠭᠦᠳᠡ ᠲᠣᠭᠰᠢᠵᠤ︾ ᠡᠮᠴᠢᠯᠡᠭᠡᠨ ᠤ ᠦᠢᠯᠡᠴᠢᠯᠡᠭᠡ ᠬᠦᠷᠭᠡᠬᠦ ᠠᠵᠢᠯᠯᠠᠭ᠎ᠠ᠃ | ᠠᠶᠢᠮᠠᠭ ᠤᠨ ᠱᠠᠲᠤᠨ ᠤ ︽ᠡᠭᠦᠳᠡ ᠲᠣᠭᠰᠢᠬᠤ︾ ᠡᠮᠴᠢᠯᠡᠭᠡᠨ ᠤ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ | ᠂ ᠬᠡᠰᠡᠭ ᠬᠤᠪᠢᠶᠠᠨ ᠳᠠᠭᠠᠭᠠᠴᠢᠯᠠᠬᠤ ᠬᠡᠯᠪᠡᠷᠢ ᠶᠢ ᠠᠪᠴᠤ᠂ ︽ᠡᠷᠡᠭᠦᠯ ᠮᠡᠨᠳᠦ ᠶᠢ ᠪᠠᠲᠤᠯᠠᠬᠤ᠂ ᠭᠠᠷ ᠲᠦᠷᠦᠭᠦ ᠶᠢ | ᠴᠢᠩᠭᠠᠳᠬᠠᠬᠤ︾ ᠭᠤᠤᠯ ᠡᠭᠦᠷᠭᠡ ᠶᠢᠨ ᠲᠣᠭᠤᠷᠢᠨ ᠳᠤ᠂ ︽ᠰᠦᠯᠵᠢᠶᠡᠨ ᠤ ᠠᠵᠢᠯᠲᠠᠨ + ᠨᠡᠶᠢᠭᠡᠮ | ᠲᠣᠭᠤᠷᠢᠭ ᠤᠨ ᠺᠠᠳ᠋ᠷ + ᠬᠡᠷ ᠪᠦᠯᠢ ᠶᠢᠨ ᠡᠮᠴᠢ︾ ᠶᠢᠨ ᠦᠢᠯᠡᠴᠢᠯᠡᠭᠡᠨ ᠤ ᠳᠤᠭᠤᠶᠢᠯᠠᠩ ᠳᠤ ᠲᠦᠰᠢᠭᠯᠡᠨ᠂ | ᠲᠤᠷᠰᠢᠯᠲᠠ ᠶᠢᠨ ᠴᠡᠭ ᠤᠨ ᠬᠥᠮᠦᠰ ᠲᠤ ᠬᠡᠷ ᠲᠤᠨᠢ ᠬᠦᠷᠴᠦ ᠠᠯᠪᠠᠨ ᠵᠢᠷᠤᠮ ᠤᠨ ᠡᠮᠴᠢᠯᠡᠭᠡ ᠬᠢᠬᠦ᠂ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠡᠷᠡᠭᠦᠯ ᠮᠡᠨᠳᠦ ᠶᠢᠨ ᠬᠥᠮᠦᠵᠢᠯ ᠤᠨ ᠥᠪᠡᠷᠮᠢᠴᠡ ᠵᠣᠷ ᠢ | ᠲᠣᠭᠲᠠᠭᠠᠬᠤ ᠵᠡᠷᠭᠡ ᠡᠯᠪᠡᠭ ᠪᠠᠶᠠᠯᠢᠭ᠂ ᠨᠠᠷᠢᠯᠢᠭ ᠣᠨᠣᠴᠠᠲᠠᠶ᠂ ᠪᠦᠲᠦᠮᠵᠢᠲᠡᠶ ᠡᠷᠡᠭᠦᠯ ᠮᠡᠨᠳᠦ ᠶᠢᠨ ᠦᠢᠯᠡᠴᠢᠯᠡᠭᠡ | ᠬᠠᠩᠭᠠᠨ᠎ᠠ᠃ ᠡᠭᠦᠨ ᠤ ᠵᠡᠷᠭᠡ ᠳᠤ᠂ ᠭᠤᠤᠯᠳᠠᠯᠭ᠎ᠠ ᠲᠠᠢ ᠡᠪᠡᠳᠴᠢᠲᠡᠨ ᠳᠤ ᠴᠢᠭᠯᠡᠭᠦᠯᠦᠨ᠂ ᠡᠪᠡᠳᠴᠢᠨ ᠦᠵᠡᠭᠦᠯᠬᠦ | ᠪᠣᠬᠢᠷᠲᠤᠯ ᠥᠬᠡᠶ ᠵᠠᠮ ᠢ ᠨᠡᠭᠡᠭᠡᠵᠦ᠂ ᠡᠮᠨᠡᠯᠭᠡ ᠰᠢᠯᠵᠢᠭᠦᠯᠦᠨ ᠡᠮᠨᠡᠨ ᠵᠠᠰᠠᠬᠤ ᠳᠤ ᠬᠠᠮᠵᠢᠨ᠂ ᠡᠮᠴᠢᠯᠡᠭᠡᠨ ᠤ | ᠪᠠᠲᠤᠯᠠᠭ᠎ᠠ ᠶᠢᠨ ᠬᠠᠮᠤᠭ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡ ᠶᠢ | ᠣᠯᠠᠨ ᠲᠦᠮᠡᠨ ᠤ ︽ᠬᠡᠷ ᠤᠨ ᠡᠭᠦᠳᠡ︾ ᠳᠤ ᠬᠦᠷᠭᠡᠭᠰᠡᠨ ᠪᠠᠶᠢᠨ᠎ᠠ᠃ ᠵᠢᠯ ᠤᠨ ᠳᠣᠲᠣᠷ᠎ᠠ᠂ ︽ᠡᠭᠦᠳᠡ | ᠲᠣᠭᠰᠢᠬᠤ︾ ᠡᠮᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ ᠰᠠᠷ᠎ᠠ ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠨᠠᠭᠠᠳᠤ ᠵᠠᠬ᠎ᠠ ᠳᠠᠭᠠᠨ 10 ᠡᠷᠦᠬᠡ ᠳᠤ | ︽ᠡᠭᠦᠳᠡ ᠲᠣᠭᠰᠢᠬᠤ︾ ᠲᠤᠷᠰᠢᠯᠲᠠ ᠶᠢᠨ ᠴᠡᠭ ᠤᠨ ᠬᠡᠷ ᠪᠦᠯᠢ ᠳᠤ ᠡᠷᠡᠭᠦᠯ ᠮᠡᠨᠳᠦ ᠬᠦᠷᠭᠡᠵᠦ᠂ ᠵᠢᠯ ᠤᠨ | ᠡᠴᠦᠰ ᠠᠴᠠ ᠡᠮᠦᠨ᠎ᠡ ᠲᠤᠷᠰᠢᠯᠲᠠ ᠶᠢᠨ ᠴᠡᠭ ᠤᠨ ᠬᠡᠷ ᠪᠦᠯᠢ ᠶᠢ ᠪᠦᠬᠦᠨ ᠢ ᠪᠦᠷᠬᠦᠭᠦᠯᠦᠨ᠎ᠡ᠃ | ︵ᠭᠤᠷᠪᠠ︶ ︽ᠡᠭᠦᠳᠡ ᠲᠣᠭᠰᠢᠬᠤ︾ ᠪᠠᠷ ᠪᠡᠶ᠎ᠡ ᠴᠢᠭᠢᠷᠠᠭᠵᠢᠭᠤᠯᠬᠤ ᠶᠢ ᠬᠦᠷᠭᠡᠬᠦ ᠠᠵᠢᠯᠯᠠᠭ᠎ᠠ᠃ | ᠨᠠᠰᠤᠲᠠᠶᠢᠴᠤᠳ ᠤᠨ ᠰᠢᠨᠵᠢᠯᠡᠬᠦ ᠤᠬᠠᠭᠠᠨ ᠤ ᠬᠥᠳᠡᠯᠭᠡᠭᠡᠨ ᠤ ᠵᠢᠯᠣᠭᠤᠳᠣᠯᠭ᠎ᠠ ᠨᠠᠰᠤᠲᠠᠶᠢᠴᠤᠳ ᠤᠨ ᠰᠢᠨᠵᠢᠯᠡᠬᠦ | ᠤᠬᠠᠭᠠᠨ ᠤ ᠬᠥᠳᠡᠯᠭᠡᠭᠡᠨ ᠤ ᠤᠷ᠎ᠠ ᠴᠢᠳᠠᠪᠤᠷᠢ᠂ ᠠᠷᠭ᠎ᠠ ᠬᠡᠯᠪᠡᠷᠢ ᠪᠠ ᠠᠷᠭ᠎ᠠ ᠶᠢ ᠳᠡᠯᠭᠡᠷᠡᠭᠦᠯᠵᠦ᠂ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠤᠷᠢᠳᠴᠢᠯᠠᠨ ᠰᠡᠷᠭᠡᠶᠢᠯᠡᠬᠦ ᠴᠢᠳᠠᠪᠤᠷᠢ ᠪᠠᠨ ᠠᠯᠳᠠᠬᠤ ᠵᠡᠷᠭᠡ ᠰᠢᠨᠵᠢᠯᠡᠬᠦ ᠤᠬᠠᠭᠠᠨ ᠤ | ᠪᠡᠶ᠎ᠡ ᠶᠢᠨ ᠲᠠᠮᠢᠷ ᠤᠨ ᠮᠡᠳᠡᠯᠭᠡ ᠶᠢ ᠤᠬᠠᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠳᠣᠭᠢᠷᠠᠬᠤ | ᠮᠡᠷᠭᠡᠵᠢᠯ ᠤᠨ ᠲᠤᠰᠬᠠᠶ ᠮᠡᠷᠭᠡᠵᠢᠯ ᠢ ᠪᠠᠳᠠᠷᠠᠭᠤᠯᠤᠨ᠂ ᠨᠠᠰᠤᠲᠠᠶᠢᠴᠤᠳ ᠲᠤ ᠳᠣᠭᠢᠷᠠᠬᠤ ᠬᠢᠲᠠᠳ ᠡᠮᠨᠡᠯᠭᠡ ︵ | ᠮᠣᠩᠭᠤᠯ ᠡᠮᠨᠡᠯᠭᠡ︶ ᠶᠢᠨ ᠪᠡᠶ᠎ᠡ ᠰᠤᠪᠢᠯᠠᠬᠤ ᠮᠡᠳᠡᠯᠭᠡ᠂ ᠮᠡᠷᠭᠡᠵᠢᠯ ᠪᠠ ᠠᠷᠭ᠎ᠠ ᠶᠢ ᠲᠦᠭᠡᠮᠡᠯᠵᠢᠭᠦᠯᠵᠦ᠂ ᠨᠡᠷᠡᠭᠦᠶ | ᠨᠢᠳᠤᠷᠭ᠎ᠠ᠂ ᠪᠠ ᠳ᠋ᠤᠸᠠᠨ ᠶᠢᠨ᠂ ᠲᠠᠪᠤᠨ ᠵᠢᠭᠦᠷᠲᠡᠨ ᠤ ᠰᠢ ᠵᠡᠷᠭᠡ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠡᠷᠡᠭᠦᠯ | ᠮᠡᠨᠳᠦ ᠶᠢᠨ ᠮᠡᠳᠡᠯᠭᠡ ᠪᠠ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠣᠶᠢᠯ ᠢ ᠤᠯᠠᠮᠵᠢᠯᠠᠵᠤ᠂ | ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠴᠢᠭᠢᠷᠠᠭᠵᠢᠭᠤᠯᠤᠨ ᠨᠠᠰᠤᠲᠠᠶᠢᠴᠤᠳ ᠤᠨ ᠡᠷᠡᠭᠦᠯ ᠮᠡᠨᠳᠦ ᠳᠤ ᠬᠦᠴᠦ | ᠨᠡᠮᠡᠷᠢᠯᠡᠵᠦ᠂ ᠴᠢᠳᠠᠪᠤᠷᠢ ᠪᠠᠨ ᠠᠯᠳᠠᠵᠤ ᠣᠶᠤᠨ ᠴᠢᠳᠠᠪᠤᠷᠢ ᠪᠠᠨ ᠠᠯᠳᠠᠬᠤ ᠡᠭᠦᠰᠬᠦ ᠶᠢ ᠤᠷᠢᠳᠴᠢᠯᠠᠨ ᠰᠡᠷᠭᠡᠶᠢᠯᠡᠵᠦ | ᠬᠠᠮᠢᠶᠠᠷᠤᠨ᠎ᠠ᠃ ᠡᠷᠡᠭᠦᠯᠵᠢᠭᠦᠯᠬᠦ ᠡᠮᠴᠢᠯᠡᠭᠡᠨ ᠤ ᠮᠡᠷᠭᠡᠵᠢᠯ ᠢ ᠵᠣᠬᠢᠰᠲᠠᠶ ᠳᠡᠯᠭᠡᠷᠡᠭᠦᠯᠵᠦ᠂ ᠨᠠᠰᠤᠲᠠᠶᠢᠴᠤᠳ ᠢ | ᠬᠠᠪᠰᠤᠷᠤᠨ ᠡᠷᠡᠭᠦᠯᠵᠢᠭᠦᠯᠬᠦ ᠣᠨᠣᠯᠵᠢᠬᠤᠨ ᠢ ᠨᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ᠂ ᠰᠠᠷ᠎ᠠ ᠪᠦᠷᠢ ᠨᠠᠭᠠᠳᠤ | ᠵᠠᠬ᠎ᠠ ᠳᠠᠭᠠᠨ ᠨᠢᠭᠡ ᠤᠳᠠᠭ᠎ᠠ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠥᠷᠨᠢᠭᠦᠯᠬᠦ ᠶᠢᠨ ᠬᠠᠮᠲᠤ᠂ ᠨᠠᠭᠠᠳᠤ ᠵᠠᠬ᠎ᠠ ᠳᠠᠭᠠᠨ 10 ᠡᠷᠦᠬᠡ ᠶᠢᠨ ᠲᠤᠷᠰᠢᠯᠲᠠ ᠶᠢᠨ ᠴᠡᠭ ᠤᠨ ᠬᠡᠷ | ᠪᠦᠯᠢ ᠳᠤ ︽ᠡᠭᠦᠳᠡ ᠲᠣᠭᠰᠢᠵᠤ︾ ᠡᠷᠡᠭᠦᠯ ᠮᠡᠨᠳᠦ ᠬᠦᠷᠭᠡᠵᠦ᠂ ᠵᠢᠯ ᠤᠨ ᠡᠴᠦᠰ ᠠᠴᠠ ᠡᠮᠦᠨ᠎ᠡ ᠲᠤᠷᠰᠢᠯᠲᠠ ᠶᠢᠨ | ᠴᠡᠭ ᠤᠨ ᠬᠡᠷ ᠪᠦᠯᠢ ᠶᠢ ᠡᠷᠦᠬᠡ ᠳᠤ ᠣᠷᠣᠭᠤᠯᠬᠤ ᠶᠢ ᠪᠦᠬᠦᠨ ᠢ ᠪᠦᠷᠬᠦᠭᠦᠯᠦᠨ᠎ᠡ᠃ | ︵ᠳᠥᠷᠪᠡ︶ ︽ᠡᠭᠦᠳᠡ ᠲᠣᠭᠰᠢᠬᠤ︾ ᠪᠠᠷ ᠠᠮᠤᠷ ᠲᠦᠪᠰᠢᠨ ᠢ ᠬᠦᠷᠭᠡᠬᠦ ᠠᠵᠢᠯᠯᠠᠭ᠎ᠠ᠃ ᠤᠯᠠᠷᠢᠯ | ᠪᠦᠷᠢ ᠳᠤ ᠠᠳᠠᠭ ᠲᠠᠭᠠᠨ ᠨᠢᠭᠡ ᠤᠳᠠᠭ᠎ᠠ ︽ᠠᠮᠤᠷ ᠲᠦᠪᠰᠢᠨ ᠢ ᠪᠠᠲᠤᠯᠠᠵᠤ᠂ ᠠᠮᠤᠷ ᠠᠮᠤᠭᠤᠯᠠᠩ ᠢ ᠬᠦᠷᠭᠡᠬᠦ︾ | ᠪᠠᠷ ᠭᠤᠤᠯ ᠰᠡᠳᠦᠪ ᠪᠣᠯᠭᠠᠭᠰᠠᠨ ︽ᠡᠭᠦᠳᠡ ᠲᠣᠭᠰᠢᠬᠤ︾ ᠠᠵᠢᠯᠯᠠᠭ᠎ᠠ ᠥᠷᠨᠢᠭᠦᠯᠵᠦ᠂ ᠲᠤᠷᠰᠢᠯᠲᠠ ᠶᠢᠨ | ᠴᠡᠭ ᠤᠨ ᠨᠡᠶᠢᠭᠡᠮ ᠲᠣᠭᠤᠷᠢᠭ᠂ ᠲᠤᠷᠰᠢᠯᠲᠠ ᠶᠢᠨ ᠴᠡᠭ ᠤᠨ ᠬᠡᠷ ᠪᠦᠯᠢ ᠳᠤ ᠠᠮᠤᠷ ᠲᠦᠪᠰᠢᠨ ᠤ ᠮᠡᠳᠡᠯᠭᠡ ᠶᠢ | ᠤᠯᠠᠮᠵᠢᠯᠠᠨ᠂ ᠠᠮᠤᠷ ᠲᠦᠪᠰᠢᠨ ᠤ ᠰᠡᠷᠡᠮᠵᠢ ᠶᠢᠨ ᠯᠣᠽᠦ᠋ᠩ ᠵᠢᠴᠢ ᠠᠮᠤᠷ ᠲᠦᠪᠰᠢᠨ ᠤ ᠮᠡᠳᠡᠯᠭᠡ ᠶᠢᠨ | ᠤᠬᠠᠭᠤᠯᠭ᠎ᠠ ᠶᠢᠨ ᠬᠠᠭᠤᠳᠠᠰᠤ ᠨᠠᠭᠠᠵᠤ᠂ ᠠᠮᠤᠷ ᠲᠦᠪᠰᠢᠨ ᠤ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠭᠠᠯ ᠤᠨᠲᠠᠷᠠᠭᠠᠬᠤ᠂ ᠴᠠᠬᠢᠯᠭᠠᠨ ᠬᠦᠴᠦᠨ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ᠂ ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ᠂ ᠲᠤᠷᠰᠢᠯᠲᠠ ᠶᠢᠨ ᠴᠡᠭ ᠤᠨ | ᠬᠡᠷ ᠪᠦᠯᠢ ᠳᠤ ᠴᠠᠬᠢᠯᠭᠠᠨ ᠬᠡᠷᠡᠭᠰᠡᠯ ᠤᠨ ᠱᠤᠭᠤᠮ᠂ ᠲᠣᠭᠤᠭᠠᠨ ᠬᠡᠷ ᠤᠨ ᠨᠡᠭᠦᠷᠡᠰᠦᠨ ᠬᠡᠶ ᠵᠢᠴᠢ ᠭᠠᠯ | ᠤᠨᠲᠠᠷᠠᠭᠠᠬᠤ ᠵᠠᠮ ᠵᠡᠷᠭᠡ ᠭᠤᠤᠯᠳᠠᠯᠭ᠎ᠠ ᠲᠠᠢ ᠬᠡᠰᠡᠭ ᠤᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ | ᠨᠠᠰᠤᠲᠠᠶᠢᠴᠤᠳ ᠲᠤ ᠠᠮᠤᠷ ᠲᠦᠪᠰᠢᠨ ᠪᠥᠭᠡᠳ ᠲᠣᠭᠲᠠᠭᠤᠨ ᠠᠮᠢᠳᠤᠷᠠᠯ ᠤᠨ ᠣᠷᠴᠢᠨ ᠲᠣᠭᠤᠷᠢᠨ ᠢ ᠪᠣᠶ | ᠪᠣᠯᠭᠠᠵᠤ ᠥᠭᠭᠦᠨ᠎ᠡ᠃ ᠵᠢᠯ ᠤᠨ ᠰᠡᠭᠦᠯᠴᠢ ᠠᠴᠠ ᠡᠮᠦᠨ᠎ᠡ ᠬᠡᠷ ᠪᠦᠯᠢ ᠶᠢ ᠡᠷᠦᠬᠡ ᠳᠤ ᠣᠷᠣᠭᠤᠯᠬᠤ ᠶᠢ ᠨᠡᠶᠢᠳᠡᠮ | ᠬᠠᠮᠤᠷᠤᠨ᠎ᠠ᠃ | ︵ᠲᠠᠪᠤ︶ ︽ᠡᠭᠦᠳᠡ ᠲᠣᠭᠰᠢᠬᠤ︾ ᠴᠡᠪᠡᠷᠯᠡᠭᠡ ᠬᠦᠷᠭᠡᠬᠦ ᠠᠵᠢᠯᠯᠠᠭ᠎ᠠ᠃ ᠰᠦᠯᠵᠢᠶᠡᠨ ᠤ ᠠᠵᠢᠯᠲᠠᠨ᠂ | ᠨᠡᠶᠢᠭᠡᠮ ᠲᠣᠭᠤᠷᠢᠭ ᠤᠨ ᠺᠠᠳ᠋ᠷ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠳᠤ ᠲᠦᠰᠢᠭᠯᠡᠨ | ᠡᠭᠦᠳᠡ ᠲᠣᠭᠰᠢᠵᠤ ᠠᠷᠢᠭᠤᠨ ᠴᠡᠪᠡᠷ ᠰᠠᠶᠢᠨ ᠳᠤᠷ᠎ᠠ ᠶᠢᠨ ᠠᠩᠭᠢ ᠶᠢ ᠵᠣᠬᠢᠶᠠᠨ ᠪᠠᠶᠢᠭᠤᠯᠵᠤ᠂ ᠲᠤᠷᠰᠢᠯᠲᠠ ᠶᠢᠨ | ᠴᠡᠭ ᠪᠣᠯᠬᠤ ᠬᠡᠷ ᠪᠦᠯᠢ ᠲᠠᠢ ᠬᠠᠮᠵᠢᠯᠴᠠᠨ ᠠᠮᠢᠳᠤᠷᠠᠯ ᠤᠨ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠬᠤ | ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠡᠷᠡᠭᠦᠯ ᠴᠢᠭᠢᠷᠠᠭ᠂ ᠠᠷᠢᠭᠤᠨ ᠴᠡᠪᠡᠷ ᠬᠡᠷ ᠪᠦᠯᠢ ᠶᠢᠨ ᠠᠮᠢᠳᠤᠷᠠᠯ ᠤᠨ ᠰᠢᠨ᠎ᠡ ᠣᠨᠣᠯᠵᠢᠬᠤᠨ ᠢ ᠪᠣᠶ ᠪᠣᠯᠭᠠᠵᠤ᠂ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠨ᠎ᠡ ᠬᠡᠷ ᠣᠷᠣᠨ ᠢ ᠬᠠᠮᠲᠤᠪᠠᠷ ᠪᠥᠲᠥᠭᠡᠨ | ᠪᠠᠶᠢᠭᠤᠯᠵᠤ᠂ ᠡᠷᠡᠭᠦᠯ ᠮᠡᠨᠳᠦ ᠶᠢᠨ ᠡᠰ — ᠡᠷᠡᠭᠦᠯ ᠡᠩᠬᠡ ᠬᠡᠷ ᠪᠦᠯᠢ ᠶᠢ ᠡᠭᠦᠳᠦᠨ ᠪᠠᠶᠢᠭᠤᠯᠬᠤ | ᠢᠨᠵᠧᠨᠧᠷᠢᠩ ᠳᠤ ᠬᠦᠴᠦ ᠨᠡᠮᠡᠷᠢᠯᠡᠨ᠎ᠡ᠃ | ︵ᠵᠢᠷᠭᠤᠭ᠎ᠠ︶ ︽ᠡᠭᠦᠳᠡ ᠲᠣᠭᠰᠢᠬᠤ︾ ᠰᠡᠳᠬᠢᠴᠡ ᠶᠢᠨ ᠦᠢᠯᠡᠴᠢᠯᠡᠭᠡᠨ ᠤ ᠠᠵᠢᠯᠯᠠᠭ᠎ᠠ᠃ | ᠨᠠᠰᠤᠲᠠᠶᠢᠴᠤᠳ ᠤᠨ ᠣᠯᠠᠨ ᠡᠭᠦᠰᠳᠡᠭ ᠰᠡᠳᠬᠢᠴᠡ ᠶᠢᠨ ᠡᠪᠡᠳᠴᠢᠨ ᠳᠤ ᠴᠢᠭᠯᠡᠭᠦᠯᠦᠨ᠂ ᠨᠠᠰᠤᠲᠠᠶᠢᠴᠤᠳ ᠤᠨ | ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠥᠪᠡᠷᠮᠢᠴᠡ | ᠰᠡᠳᠬᠢᠴᠡ ᠶᠢᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠪᠥᠬᠦ | ᠶᠠᠪᠤᠴᠠ ᠪᠠᠷ ᠦᠢᠯᠡᠴᠢᠯᠡᠨ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠤᠯᠠᠷᠢᠯ ᠪᠦᠷᠢ ᠳᠤ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ | ᠦᠢᠯᠡᠴᠢᠯᠡᠭᠡ ᠶᠢ ᠨᠠᠭᠠᠳᠤ ᠵᠠᠬ᠎ᠠ ᠳᠠᠭᠠᠨ 1 ᠤᠳᠠᠭ᠎ᠠ ᠥᠷᠨᠢᠭᠦᠯᠬᠦ ᠶᠢᠨ ᠬᠠᠮᠲᠤ᠂ ᠨᠠᠭᠠᠳᠤ ᠵᠠᠬ᠎ᠠ ᠳᠠᠭᠠᠨ 10 | ᠡᠷᠦᠬᠡ ᠶᠢᠨ ᠲᠤᠷᠰᠢᠯᠲᠠ ᠶᠢᠨ ᠴᠡᠭ ᠤᠨ ᠬᠡᠷ ᠪᠦᠯᠢ ᠳᠤ ︽ᠡᠭᠦᠳᠡ ᠲᠣᠭᠰᠢᠵᠤ︾ ᠡᠷᠡᠭᠦᠯ ᠮᠡᠨᠳᠦ ᠬᠦᠷᠭᠡᠵᠦ᠂ | ᠵᠢᠯ ᠤᠨ ᠡᠴᠦᠰ ᠠᠴᠠ ᠡᠮᠦᠨ᠎ᠡ ᠲᠤᠷᠰᠢᠯᠲᠠ ᠶᠢᠨ ᠴᠡᠭ ᠤᠨ ᠬᠡᠷ ᠪᠦᠯᠢ ᠶᠢ ᠴᠥᠮ ᠡᠷᠦᠬᠡ ᠳᠤ ᠣᠷᠣᠭᠤᠯᠤᠨ᠎ᠠ᠃ | ︵ᠳᠣᠯᠤᠭ᠎ᠠ︶ ︽ᠡᠭᠦᠳᠡ ᠲᠣᠭᠰᠢᠬᠤ︾ ᠡᠷᠡᠭᠦᠯ ᠮᠡᠨᠳᠦ ᠡᠷᠡᠭᠦᠯᠵᠢᠯ ᠤᠨ ᠪᠠᠭᠠᠵᠢ ᠬᠡᠷᠡᠭᠰᠡᠯ ᠤᠨ | ᠪᠣᠭᠤᠳᠠᠯ ᠬᠦᠷᠭᠡᠬᠦ ᠠᠵᠢᠯᠯᠠᠭ᠎ᠠ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ᠂ ︽ᠨᠠᠰᠤᠲᠠᠶᠢᠴᠤᠳ ᠤᠨ ᠡᠷᠡᠭᠦᠯ ᠮᠡᠨᠳᠦ ᠶᠢᠨ ᠭᠤᠤᠯᠯᠠᠬᠤ ᠮᠡᠳᠡᠭᠡ ᠵᠠᠩᠭᠢ︾ ︽ | ᠨᠠᠰᠤᠲᠠᠶᠢᠴᠤᠳ ᠤᠨ ᠤᠨᠠᠬᠤ ᠶᠢ ᠤᠷᠢᠳᠴᠢᠯᠠᠨ ᠰᠡᠷᠭᠡᠶᠢᠯᠡᠬᠦ ᠭᠤᠤᠯᠯᠠᠬᠤ ᠮᠡᠳᠡᠭᠡ ᠵᠠᠩᠭᠢ︾ ︽ᠴᠢᠳᠠᠪᠤᠷᠢ ᠪᠠᠨ | ᠠᠯᠳᠠᠬᠤ ᠶᠢ ᠤᠷᠢᠳᠴᠢᠯᠠᠨ ᠰᠡᠷᠭᠡᠶᠢᠯᠡᠬᠦ ᠭᠤᠤᠯᠯᠠᠬᠤ ᠮᠡᠳᠡᠭᠡ ᠵᠠᠩᠭᠢ︾ ︽ᠠᠷᠽᠬᠠᠶᠢᠮ ᠡᠪᠡᠳᠴᠢᠨ ᠢ | ᠤᠷᠢᠳᠴᠢᠯᠠᠨ ᠰᠡᠷᠭᠡᠶᠢᠯᠡᠬᠦ ᠪᠠ ᠬᠠᠮᠢᠶᠠᠷᠬᠤ ᠭᠤᠤᠯᠯᠠᠬᠤ ᠮᠡᠳᠡᠭᠡ ᠵᠠᠩᠭᠢ︾ ᠵᠡᠷᠭᠡ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠶ᠋ᠯᠡᠴᠢᠯᠡᠭᠡᠨ ᠤ | ᠲᠥᠷᠥ ᠶᠢᠨ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠬᠡᠷᠡᠭᠯᠡᠭᠡᠨ ᠤ ᠴᠢᠨᠠᠷ ᠢᠶᠠᠷ ᠴᠢᠩᠭ᠎ᠠ | ᠡᠷᠡᠭᠦᠯ ᠮᠡᠨᠳᠦ ᠶᠢᠨ ᠬᠥᠮᠦᠵᠢᠯ ᠤᠬᠠᠭᠤᠯᠭ᠎ᠠ ᠶᠢᠨ ᠣᠶᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠪᠡᠶ᠎ᠡ ᠶᠢᠨ | ᠳᠤᠯᠠᠭᠠᠨ ᠤ ᠬᠡᠮᠵᠢᠭᠦᠷ᠂ ᠪᠦᠰᠡᠯᠡᠭᠦᠷ ᠤᠨ ᠬᠡᠮᠵᠢᠶ᠎ᠡ᠂ ᠳᠠᠪᠤᠰᠤ ᠬᠢᠵᠠᠭᠠᠷᠯᠠᠬᠤ ᠰᠢᠨᠠᠭ᠎ᠠ᠂ ᠴᠠᠩᠬ᠎ᠠ ᠬᠤᠰᠤᠬᠤ | ᠬᠠᠪᠲᠠᠰᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠯᠭᠡ ᠶᠢᠨ ᠨᠤᠭᠤᠯᠤᠭᠠᠰᠤ ᠵᠡᠷᠭᠡ ᠡᠷᠡᠭᠦᠯ ᠮᠡᠨᠳᠦ ᠶᠢᠨ | ᠪᠠᠭᠠᠵᠢ ᠬᠡᠷᠡᠭᠰᠡᠯ ᠢ ᠪᠠᠭᠲᠠᠭᠠᠭᠰᠠᠨ ︽ᠨᠠᠰᠤᠲᠠᠶᠢᠴᠤᠳ ᠤᠨ ᠡᠷᠡᠭᠦᠯ ᠮᠡᠨᠳᠦ ᠡᠷᠡᠭᠦᠯ ᠮᠡᠨᠳᠦ ᠶᠢ ᠬᠠᠮᠠᠭᠠᠯᠠᠬᠤ | ᠪᠠᠭᠠᠵᠢ ᠬᠡᠷᠡᠭᠰᠡᠯ︾ ᠢ ᠲᠦᠭᠡᠭᠡᠨ ᠥᠭᠴᠦ᠂ ᠨᠠᠰᠤᠲᠠᠶᠢᠴᠤᠳ ᠢ ᠬᠠᠪᠰᠤᠷᠤᠨ ᠦᠷᠭᠦᠯᠵᠢ ᠲᠣᠬᠢᠶᠠᠯᠳᠤᠬᠤ | ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ᠂ ᠭᠡᠷ ᠤᠨ ᠬᠡᠷᠡᠭᠯᠡᠭᠡᠨ ᠤ ᠲᠦᠷᠭᠡᠨ ᠠᠪᠤᠷᠠᠯᠲᠠ ᠶᠢᠨ | ᠮᠡᠳᠡᠯᠭᠡ ᠵᠡᠷᠭᠡ ᠡᠷᠡᠭᠦᠯ ᠮᠡᠨᠳᠦ ᠡᠷᠡᠭᠦᠯ ᠮᠡᠨᠳᠦ ᠶᠢ ᠬᠠᠮᠠᠭᠠᠯᠠᠬᠤ ᠦᠨᠳᠦᠰᠦᠨ ᠮᠡᠳᠡᠯᠭᠡ ᠪᠠ ᠴᠢᠳᠠᠪᠤᠷᠢ ᠶᠢ | ᠡᠵᠡᠮᠰᠢᠭᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠪᠠ ᠦᠢᠯᠡ ᠠᠵᠢᠯᠯᠠᠭ᠎ᠠ ᠲᠠᠢ ᠪᠣᠯᠭᠠᠨ᠎ᠠ᠃ | ᠡᠷᠦᠬᠡ ᠪᠦᠷᠢ ᠳᠤ ᠨᠠᠭᠠᠳᠤ ᠵᠠᠬ᠎ᠠ ᠳᠠᠭᠠᠨ 1 ᠪᠠᠭᠠᠵᠢ ᠬᠡᠷᠡᠭᠰᠡᠯ ᠤᠨ ᠪᠣᠭᠤᠳᠠᠯ ᠣᠯᠭᠤᠨ᠎ᠠ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ | ᠡᠯ᠎ᠡ ᠭᠠᠵᠠᠷ ᠡᠯ᠎ᠡ ᠨᠢᠭᠡᠴᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠰᠤᠲᠠᠶᠢᠴᠤᠳ ᠤᠨ ᠴᠢᠳᠠᠪᠤᠷᠢ ᠪᠠᠨ ᠠᠯᠳᠠᠵᠤ | ᠤᠬᠠᠭᠠᠨ ᠴᠢᠳᠠᠪᠤᠷᠢ ᠪᠠᠨ ᠠᠯᠳᠠᠬᠤ ᠶᠢ ᠤᠷᠢᠳᠴᠢᠯᠠᠨ ᠰᠡᠷᠭᠡᠶᠢᠯᠡᠬᠦ — ᠡᠷᠡᠭᠦᠯ ᠮᠡᠨᠳᠦ ᠶᠢᠨ ︽ᠡᠭᠦᠳᠡ | ᠲᠣᠭᠰᠢᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠵᠦᠶ᠋ᠯ ᠤᠨ ᠠᠵᠢᠯᠯᠠᠭ᠎ᠠ ᠳᠤ | ᠬᠠᠷᠢᠭᠤᠴᠠᠯᠭᠠᠲᠠᠨ ᠤ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠲᠤᠭ᠎ᠠ ᠨᠢ ᠲᠣᠳᠣᠷᠬᠠᠶ᠂ ᠬᠠᠷᠠᠯᠲᠠ ᠨᠢ | ᠲᠣᠳᠣᠷᠬᠠᠶ᠂ ᠠᠷᠭ᠎ᠠ ᠬᠡᠮᠵᠢᠶ᠎ᠡ ᠨᠢ ᠬᠦᠴᠦᠲᠡᠶ᠂ ᠪᠣᠳᠠᠲᠠᠶ ᠠᠬᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ | ︵ᠬᠤᠶᠠᠷ︶ ᠨᠢᠭᠡᠳᠦᠯᠲᠡᠶ ᠲᠥᠯᠥᠪᠯᠡᠨ ᠠᠬᠢᠭᠤᠯᠵᠤ᠂ ᠥᠷᠭᠡᠨ ᠢᠶᠠᠷ ᠤᠬᠠᠭᠤᠯᠤᠨ᠎ᠠ᠃ ᠡᠯ᠎ᠡ ᠭᠠᠵᠠᠷ ᠡᠯ᠎ᠡ | ᠨᠢᠭᠡᠴᠢ ᠶᠢᠨ ᠬᠢᠨ ᠭᠠᠵᠠᠷ ᠣᠷᠣᠨ ᠪᠠ ᠠᠵᠢᠯ ᠲᠥᠷᠥᠯ ᠤᠨ ᠣᠨᠴᠠᠯᠢᠭ ᠢᠶᠠᠨ ᠳᠣᠪᠤᠶᠢᠯᠭᠠᠵᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠬᠠᠭᠤᠯᠭ᠎ᠠ | ᠬᠥᠮᠦᠵᠢᠯ ᠤᠨ ᠪᠣᠯᠪᠠᠰᠤᠷᠠᠭᠤᠯᠤᠯ ᠤᠨ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠤᠨ᠂ ᠡᠷᠡᠭᠦᠯ ᠮᠡᠨᠳᠦ ᠶᠢᠨ | ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠡᠯ᠎ᠡ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠨᠤᠭᠤᠳ ᠠᠵᠢᠯᠯᠠᠬᠤ ᠳᠤᠭᠤᠶᠢᠯᠠᠩ ᠲᠠᠢ ᠢᠳᠡᠪᠬᠢᠲᠡᠶ ᠬᠠᠮᠵᠢᠯᠴᠠᠨ ᠡᠷᠡᠭᠦᠯ ᠮᠡᠨᠳᠦ ᠶᠢᠨ ︽ᠡᠭᠦᠳᠡ | ᠲᠣᠭᠰᠢᠬᠤ ᠠᠵᠢᠯᠯᠠᠭ᠎ᠠ︾ ᠶᠢ ᠰᠠᠶᠢᠲᠤᠷ ᠥᠷᠨᠢᠭᠦᠯᠵᠦ᠂ ᠣᠯᠠᠨ ᠬᠡᠯᠪᠡᠷᠢ ᠮᠠᠶ᠋ᠢᠭ ᠤᠨ ᠤᠬᠠᠭᠤᠯᠭ᠎ᠠ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭ᠎ᠠ ᠶᠢᠨ ᠨᠥᠯᠥᠭᠡᠯᠡᠬᠦ ᠬᠦᠴᠦᠨ ᠪᠠ ᠬᠠᠮᠤᠷᠬᠤ | ᠬᠡᠪᠴᠢᠶ᠎ᠡ ᠶᠢ ᠥᠷᠭᠡᠳᠬᠡᠨ᠂ ᠠᠵᠢᠯᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠬᠢᠨᠠᠮᠠᠭᠠᠶ ᠳ᠋ᠦᠩᠨᠡᠵᠦ᠂ ᠬᠢᠯᠠᠰ ᠴᠡᠭ ᠢ ᠠᠭᠤᠳᠠᠯᠤᠨ᠎ᠠ᠃ ᠤᠯᠠᠭᠠᠨᠬᠤᠲᠠ᠂ ᠵᠠᠯᠠᠶᠢᠳ | ᠬᠤᠰᠢᠭᠤᠨ ᠤ ᠬᠢᠨ ᠬᠠᠭᠠᠰ ᠵᠢᠯ ᠳᠤ ᠨᠢᠭᠡ ᠤᠳᠠᠭ᠎ᠠ ᠠᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠵᠦ᠂ | ᠠᠵᠢᠯᠯᠠᠭ᠎ᠠ ᠶᠢᠨ ᠠᠵᠢᠯ ᠤᠨ ᠬᠢᠯᠠᠰ ᠴᠡᠭ᠂ ᠣᠯᠠᠨ ᠲᠦᠮᠡᠨ ᠤ ᠬᠠᠷᠢᠭᠤ ᠲᠤᠰᠬᠠᠯ᠂ ᠢᠯᠡᠷᠡᠭᠦᠯᠦᠭᠰᠡᠨ ᠠᠰᠠᠭᠤᠳᠠᠯ | ᠪᠠ ᠠᠵᠢᠯ ᠤᠨ ᠰᠠᠨᠠᠭᠤᠯᠭ᠎ᠠ ᠵᠡᠷᠭᠡ ᠶᠢ ᠲᠥᠪᠯᠡᠷᠡᠭᠦᠯᠦᠨ ᠲᠤᠰᠬᠠᠵᠤ᠂ ᠥᠪᠡᠷᠮᠢᠴᠡ ᠣᠨᠴᠠᠯᠢᠭ᠂ ᠨᠡᠶᠢᠲᠡᠯᠢᠭ ᠵᠢᠱᠢᠶ᠎ᠡ | ᠂ ᠲᠤᠷᠰᠢᠯᠭ᠎ᠠ ᠭᠠᠷᠭᠠᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ᠂ ᠳᠡᠯᠭᠡᠷᠡᠭᠦᠯᠵᠦ | ᠪᠣᠯᠬᠤ ᠦᠶ᠋ᠯᠡᠳᠦᠯᠭᠡ ᠶᠢᠨ ᠦᠷ᠎ᠡ ᠪᠦᠲᠦᠭᠡᠯ ᠢ ᠪᠣᠶ ᠪᠣᠯᠭᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠦᠶ᠋ᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠳᠤ ᠰᠠᠭᠤᠷᠢ ᠲᠠᠯᠪᠢᠬᠤ ᠬᠡᠷᠡᠭᠲᠡᠶ᠃ | ᠳᠠᠭᠠᠯᠳᠤᠭᠤᠯᠤᠯ᠄ 1. ᠬᠢᠩᠭᠠᠨ ᠠᠶᠢᠮᠠᠭ ᠤᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ | ᠨᠠᠰᠤᠲᠠᠶᠢᠴᠤᠳ ᠢ ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠲᠥᠷᠥᠯ ᠵᠦᠢᠯ ᠤᠨ ᠲᠤᠷᠰᠢᠯᠲᠠ ᠶᠢᠨ ᠴᠡᠭ — | ᠡᠷᠡᠭᠦᠯ ᠮᠡᠨᠳᠦ ᠶᠢᠨ ︽ᠡᠭᠦᠳᠡ ᠲᠣᠭᠰᠢᠬᠤ ᠠᠵᠢᠯᠯᠠᠭ᠎ᠠ︾ ᠶᠢᠨ ᠤᠳᠤᠷᠢᠳᠬᠤ ᠳᠤᠭᠤᠶᠢᠯᠠᠩ | 2. ᠬᠢᠩᠭᠠᠨ ᠠᠶᠢᠮᠠᠭ ᠤᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠶᠢᠴᠤᠳ ᠢ | ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠲᠥᠷᠥᠯ ᠵᠦᠶ᠋ᠯ ᠤᠨ ᠲᠤᠷᠰᠢᠯᠲᠠ ᠶᠢᠨ ᠴᠡᠭ — ᠡᠷᠡᠭᠦᠯ ᠮᠡᠨᠳᠦ ᠶᠢᠨ ︽ | ᠡᠭᠦᠳᠡ ᠲᠣᠭᠰᠢᠬᠤ ᠠᠵᠢᠯᠯᠠᠭ᠎ᠠ︾ ᠠᠶᠢᠮᠠᠭ ᠤᠨ ᠲᠠᠰ ᠤᠨ ︽ᠡᠭᠦᠳᠡ ᠲᠣᠭᠰᠢᠬᠤ︾ ᠡᠮᠴᠢᠯᠡᠭᠡᠨ ᠤ ᠰᠠᠯᠪᠤᠷᠢ | ᠪᠠᠭ᠎ᠠ ᠠᠩᠭᠢ ᠶᠢᠨ ᠭᠡᠰᠢᠭᠦᠳ ᠤᠨ ᠨᠡᠷᠡᠰ | ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠡᠷᠡᠭᠦᠯ ᠮᠡᠨᠳᠦ | ᠬᠢᠩᠭᠠᠨ ᠠᠶᠢᠮᠠᠭ ᠤᠨ ᠠᠵᠢᠯᠯᠠᠭ᠎ᠠ ᠶᠢᠨ ᠵᠥᠪᠯᠡᠯ ᠤᠨ ᠠᠯᠪᠠᠨ ᠬᠡᠷ ᠤᠨ ᠠᠬᠢᠭᠤᠯᠬᠤ ᠵᠥᠪᠯᠡᠯ ᠤᠨ ᠠᠯᠪᠠᠨ ᠬᠡᠷ | ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 2024 ᠣᠨ ᠤ 3 ᠰᠠᠷ᠎ᠠ ᠶᠢᠨ 11 ᠤ ᠡᠳᠦᠷ ᠳᠠᠭᠠᠯᠳᠤᠭᠤᠯᠤᠯ ᠢ ᠬᠢᠩᠭᠠᠨ ᠠᠶᠢᠮᠠᠭ ᠤᠨ ᠵᠠᠬᠢᠷᠭ᠎ᠠ ᠶᠢᠨ | ᠬᠢᠲᠠᠳ ᠰᠦᠯᠵᠢᠶ᠎ᠡ ᠠᠴᠠ ᠦᠵᠡᠭᠡᠷᠡᠢ |