ᠤᠯᠠᠭᠠᠨᠬᠠᠳᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
ᠨᠡᠶᠢᠲᠡᠯᠡᠭᠰᠡᠨ ᠴᠠᠭ᠄
2024/12/30
       ᠤᠯᠠᠭᠠᠨᠬᠠᠳᠠ ᠪᠠᠯᠭᠠᠰᠤᠨ ᠤ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ      ᠨᠢᠭᠡᠳᠦᠭᠡᠷ ᠵᠤᠷᠪᠤᠰ    ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠠᠷᠠᠳ ᠤᠨ ᠵᠡᠪᠰᠡᠭᠲᠦ ᠬᠦᠴᠦᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃     ︵ᠬᠤᠶᠠᠷ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠵᠢᠴᠢ ᠲᠤᠰ ᠵᠣᠬᠢᠶᠠᠨ ᠪᠠᠶᠢᠭᠤᠯᠤᠯᠲᠠ ᠶᠢᠨ ᠰᠢᠢᠳᠪᠦᠷᠢ ᠶᠢ ᠤᠬᠠᠭᠤᠯᠤᠨ ᠳᠣᠭᠤᠰᠢᠯᠠᠭᠤᠯᠵᠤ ᠬᠡᠷᠡᠭᠵᠢᠭᠦᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠪᠣᠯᠤᠨ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠲᠠᠶᠢᠴᠢᠯᠡᠨ ᠳᠠᠭᠠᠭᠤᠯᠬᠤ ᠠᠵᠢᠯ ᠢ ᠠᠬᠢᠭᠤᠯᠤᠨ᠎ᠠ᠃     ︵ᠭᠤᠷᠪᠠ︶ ᠬᠠᠷᠢᠶ᠎ᠠ ᠣᠷᠣᠨ ᠤ ᠬᠥᠭᠵᠢᠯᠲᠡ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠶᠡᠷᠦᠩᠬᠡᠶ ᠲᠥᠯᠥᠪᠵᠢᠭᠦᠯᠭᠡ ᠶᠣᠰᠣᠭᠠᠷ᠂ ᠬᠠᠷᠢᠶ᠎ᠠ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠲᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠠᠵᠤ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠬᠠᠷᠢᠶ᠎ᠠ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃ ᠶᠡᠷᠤᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃       ︵ᠲᠦᠷᠪᠡ︶ ᠳᠡᠭᠡᠳᠦ ᠱᠠᠲᠤᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ᠠᠵᠤ ᠦᠢᠯᠡᠰ ᠤᠨ ᠲᠥᠯᠥᠪᠵᠢᠭᠦᠯᠭᠡ ᠶᠢᠨ ᠬᠥᠭᠵᠢᠯᠲᠡ ᠶᠢ ᠠᠬᠢᠭᠤᠯᠤᠨ᠎ᠠ᠃     ︵ᠲᠠᠪᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠲᠦᠷᠢᠮ ᠤᠨ ᠪᠠᠶᠢᠭᠤᠯᠤᠯᠲᠠ ᠶᠢ ᠵᠢᠯᠣᠭᠤᠳᠴᠤ᠂ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠦᠢᠯᠡᠴᠢᠯᠡᠬᠦᠯᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ︽ᠬᠤᠶᠠᠷ ᠵᠥᠪᠯᠡᠯ︾ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ᠂ ᠤᠯᠠᠨ ᠨᠡᠶᠢᠲᠡ ᠶᠢᠨ ᠬᠡᠷᠡᠭ ᠶᠠᠪᠤᠳᠠᠯ ᠢ ᠭᠦᠢᠴᠡᠳᠬᠡᠬᠦ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃     ︵ᠵᠢᠷᠭᠤᠭ᠎ᠠ︶ ᠬᠠᠷᠢᠶ᠎ᠠ ᠣᠷᠣᠨ ᠤ ᠠᠮᠤᠷ ᠠᠮᠤᠭᠤᠯᠠᠩ ᠤᠨ ᠪᠠᠶᠢᠭᠤᠯᠤᠯᠲᠠ ᠪᠠ ᠨᠡᠶᠢᠭᠡᠮ ᠤᠨ ᠠᠮᠤᠷ ᠲᠦᠪᠰᠢᠨ ᠤ  ᠶᠡᠷᠤᠩᠬᠡᠢ ᠵᠠᠰᠠᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ᠂ ᠬᠠᠤᠯᠢ ᠴᠠᠭᠠᠵᠠ ᠶᠢᠨ ᠦᠢᠯᠡᠴᠢᠯᠡᠭᠡ᠂ ᠲᠣᠣᠷᠵᠢᠯ ᠤᠨ ᠦᠢᠯᠡᠴᠢᠯᠡᠭᠡ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠨ᠎ᠠ᠃     ︵ᠳᠤᠯᠤᠭ᠎ᠠ︶ ᠬᠠᠷᠢᠶ᠎ᠠ ᠣᠷᠣᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠭ᠎ᠠ ᠲᠣᠭᠤᠷᠢᠭ ᠤᠨ ᠠᠳᠠᠯ ᠠᠬᠤᠶ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠬᠥᠷᠥᠰᠥ ᠰᠢᠷᠣᠶ ᠶᠢ ᠬᠠᠮᠠᠭᠠᠯᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤᠷᠭᠤᠮᠠᠯ ᠤᠨ ᠡᠪᠡᠳᠴᠢᠨ ᠡᠮᠭᠡᠭ ᠢ ᠤᠷᠢᠳᠴᠢᠯᠡᠨ ᠰᠡᠷᠭᠡᠶᠢᠯᠡᠬᠦ ᠪᠠ ᠬᠢᠵᠠᠭᠠᠷᠯᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ᠂ ᠬᠠᠭᠤᠴᠢᠨ  ᠪᠠᠭ᠎ᠠ ᠲᠣᠭᠤᠷᠢᠭ ᠢ ᠴᠡᠭᠴᠡᠯᠡᠨ ᠵᠠᠰᠠᠬᠤ᠂ ᠭᠠᠵᠠᠷ ᠰᠢᠷᠤᠢ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠬᠡᠷ ᠪᠠᠶᠢᠰᠢᠩ ᠢ ᠲᠠᠲᠠᠪᠤᠷᠢᠯᠠᠨ ᠨᠥᠬᠦᠪᠥᠷᠢᠯᠡᠬᠦ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃      ︵ᠨᠠᠢᠮᠠ︶ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠠᠴᠠ ᠬᠠᠯᠠᠭᠳᠠᠭᠰᠠᠳ ᠪᠠ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠥᠷᠨᠢᠭᠦᠯᠵᠦ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠷᠠᠳ ᠤᠨ ᠵᠡᠪᠰᠡᠭᠲᠦ ᠬᠦᠴᠦᠨ ᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃     ︵ᠶᠢᠰᠦ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃     ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃   
 
ᠢᠷᠡᠯᠲᠡ᠄ ᠤᠯᠠᠭᠠᠨᠬᠠᠳᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号