| ᠡᠯ᠎ᠡ ᠬᠤᠰᠢᠭᠤ ᠰᠢᠶᠠᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠤᠯᠠᠭᠠᠨᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠳᠤ᠄ | ︽2024 ᠣᠨ ᠤ ᠬᠢᠩᠭᠠᠨ ᠠᠶᠢᠮᠠᠭ ᠤᠨ ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ | ᠤᠰᠤ ᠶᠢ ᠵᠠᠰᠠᠬᠤ ᠵᠢᠴᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ | ᠠᠵᠢᠯᠯᠠᠭ᠎ᠠ ᠶᠢᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ | ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃ | ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ | 2024 ᠣᠨ ᠤ 3 ᠰᠠᠷ᠎ᠠ ᠶᠢᠨ 26 ᠤ ᠡᠳᠣᠷ | 2024 ᠣᠨ ᠤ ᠬᠢᠩᠭᠠᠨ ᠠᠶᠢᠮᠠᠭ ᠤᠨ ᠪᠠᠶᠢᠭᠤᠯᠤᠯᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ | ᠵᠠᠰᠠᠬᠤ ᠵᠢᠴᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯᠯᠠᠭ᠎ᠠ ᠶᠢᠨ | ᠲᠥᠰᠦᠯ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠶᠢᠮᠠᠭ ᠤᠨ ᠨᠠᠮ ᠤᠨ ᠬᠤᠷᠢᠶ᠎ᠠ | ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠪᠠ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢᠨ ᠰᠠᠭᠤᠷᠢ ᠲᠦᠬᠦᠭᠡᠷᠣᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠶᠢ | ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ | ᠦᠢᠯᠡᠰ ᠲᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠲᠣᠰᠬᠤᠨ ᠪᠠᠯᠭᠠᠰᠤ ᠶᠢ ᠪᠥᠬᠦ ᠬᠦᠴᠦᠨ ᠢᠶᠠᠷ ᠢᠶᠠᠨ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ︽2024 ᠣᠨ ᠤ ᠪᠥᠬᠦ ᠣᠷᠣᠨ ᠤ ᠪᠠᠶᠢᠭᠤᠯᠤᠮᠵᠢᠳᠤ ᠪᠠᠯᠭᠠᠰᠤ ᠶᠢᠨ | ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠵᠠᠰᠠᠬᠤ ᠠᠵᠢᠯᠯᠠᠭ᠎ᠠ ᠶᠢᠨ ᠲᠥᠰᠦᠯ︾ ︵ᠥᠪᠥᠷ ᠪᠥᠲᠥᠭᠡᠨ ᠪᠠᠶᠢᠭᠤᠯᠤᠯᠲᠠ ᠲᠣᠰᠬᠤᠨ ﹇2024﹈ 51 ᠳ᠋ᠣᠭᠡᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠥᠪᠡᠷᠲᠡᠭᠡᠨ ᠵᠠᠰᠠᠬᠤ | ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠠᠵᠢᠯ ᠤᠨ ᠬᠤᠷᠠᠯ ᠠᠴᠠ ᠪᠠᠶᠢᠷᠢᠯᠠᠭᠤᠯᠤᠭᠰᠠᠨ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ | ᠬᠦᠷᠢᠶᠡᠨ ᠤ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ | ᠲᠠᠯ᠎ᠠ ᠪᠠᠷ ᠲᠤᠭᠤᠰᠢᠯᠠᠭᠤᠯᠤᠨ᠂ ᠵᠠᠮ ᠨᠡᠭᠡᠭᠡᠨ ᠤᠷᠤᠭᠰᠢᠯᠠᠵᠤ᠂ ᠡᠭᠦᠷᠭᠡᠯᠡᠨ ᠠᠵᠢᠯᠯᠠᠵᠤ᠂ ᠪᠠᠶᠢᠭᠤᠯᠤᠯᠳᠠᠲᠤ | ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠠᠬᠢᠭᠤᠯᠵᠤ᠂ ᠮᠠᠨ ᠤ ᠠᠶᠢᠮᠠᠭ ᠤᠨ ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠬᠠᠷᠠᠯᠲᠠ | ᠬᠥᠮᠦᠨ ᠠᠮᠠ ᠬᠠᠷᠢᠴᠠᠩᠭᠤᠶ ᠲᠥᠪᠯᠡᠷᠡᠭᠰᠡᠨ ᠭᠠᠵᠠᠷ ᠣᠷᠣᠨ ᠢᠶᠠᠷ ᠭᠤᠤᠯᠳᠠᠯᠭ᠎ᠠ ᠪᠣᠯᠭᠠᠵᠤ᠂ ᠪᠥᠬᠦ | ᠠᠶᠢᠮᠠᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ 1000 ᠬᠥᠮᠦᠨ ᠠᠴᠠ ᠳᠡᠭᠡᠭᠰᠢ ᠬᠤᠭ ᠨᠣᠪᠰᠢ ᠶᠢ | ᠲᠥᠪᠯᠡᠷᠡᠭᠦᠯᠦᠨ ᠵᠠᠰᠠᠬᠤ ᠶᠢ ᠬᠡᠷᠡᠭᠵᠢᠭᠦᠯᠦᠭᠡᠳᠦᠶ ᠵᠠᠰᠠᠭ ᠵᠠᠬᠢᠷᠭᠠᠨ ᠤ ᠲᠣᠰᠬᠤᠨ ᠪᠠ 3000 ᠬᠥᠮᠦᠨ ᠠᠴᠠ | ᠳᠡᠭᠡᠭᠰᠢ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ᠶᠢ ᠬᠡᠷᠡᠭᠵᠢᠭᠦᠯᠦᠭᠡᠳᠦᠶ ᠪᠠᠶᠢᠭᠤᠯᠤᠯᠳᠠᠲᠤ ᠪᠠᠯᠭᠠᠰᠤ ᠶᠢᠨ | ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠬᠤ ᠶᠢ ᠢᠳᠡᠪᠬᠢᠲᠡᠶ ᠪᠠᠷ | ᠠᠬᠢᠭᠤᠯᠵᠤ᠂ ᠠᠵᠢᠯ ᠤᠨ ᠳᠤᠲᠠᠭᠤᠳᠠᠯ ᠢ ᠪᠥᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠣᠨ ᠤ ᠬᠠᠷᠠᠯᠲᠠ ᠶᠢᠨ | ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ 2024 ᠣᠨ ᠤ ᠰᠡᠭᠦᠯᠴᠢ ᠪᠣᠯᠬᠤ ᠳᠤ᠂ ᠪᠥᠬᠦ ᠠᠶᠢᠮᠠᠭ ᠤᠨ | ᠠᠮᠢᠳᠤᠷᠠᠯ ᠤᠨ ᠪᠣᠬᠢᠷ ᠤᠰᠤ ᠶᠢ ᠰᠢᠶ᠋ᠳᠪᠦᠷᠢᠯᠡᠬᠦ ᠲᠦᠬᠦᠭᠡᠷᠣᠮᠵᠢ ᠲᠠᠢ ᠪᠠᠶᠢᠭᠤᠯᠤᠯᠳᠠᠲᠤ ᠪᠠᠯᠭᠠᠰᠤ ᠶᠢ 50% ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ | 95% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ᠭᠤᠷᠪᠠ᠂ ᠭᠤᠣᠯ ᠡᠭᠦᠷᠭᠡ | ︵ᠨᠢᠭᠡ︶ ᠪᠠᠶᠢᠭᠤᠯᠤᠮᠵᠢᠳᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠵᠠᠰᠠᠬᠤ | 1. ᠪᠣᠬᠢᠷ ᠤᠰᠤ ᠶᠢ ᠰᠢᠢᠳᠪᠦᠷᠢᠯᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ | ᠰᠣᠩᠭᠤᠨ᠎ᠠ᠃ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠬᠦ︾ ᠵᠠᠷᠴᠢᠮ ᠢ ᠵᠢᠷᠤᠮᠯᠠᠵᠤ᠂ ᠲᠥᠪᠯᠡᠷᠡᠭᠦᠯᠬᠦ ᠳᠤ ᠳᠣᠭᠢᠷᠠᠬᠤ ᠶᠢ ᠨᠢ ᠲᠥᠪᠯᠡᠷᠡᠭᠦᠯᠵᠦ᠂ | ᠲᠠᠷᠬᠠᠭᠠᠬᠤ ᠳᠤ ᠳᠣᠭᠢᠷᠠᠬᠤ ᠶᠢ ᠨᠢ ᠲᠠᠷᠬᠠᠭᠠᠨ᠎ᠠ᠃ ᠲᠣᠰ ᠭᠠᠵᠠᠷ ᠣᠷᠣᠨ ᠤ ᠪᠠᠶᠢᠭᠠᠯᠢ ᠶᠢᠨ ᠲᠥᠷᠥᠯᠬᠢ ᠠᠪᠢᠶᠠᠰ᠂ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠳᠣᠬᠢ ᠪᠠᠶᠢᠳᠠᠯ᠂ ᠠᠮᠢ ᠠᠬᠤᠶ ᠶᠢᠨ ᠣᠷᠴᠢᠨ ᠲᠣᠭᠤᠷᠢᠨ ᠤ | ᠵᠠᠰᠠᠯᠲᠠ ᠶᠢᠨ ᠬᠡᠷᠡᠭᠴᠡᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ ᠰᠢᠢᠳᠪᠦᠷᠢᠯᠡᠬᠦ ᠵᠠᠭᠪᠤᠷ᠂ ᠤᠷᠠᠯᠠᠯ ᠤᠨ ᠵᠠᠮ ᠱᠤᠭᠤᠮ᠂ ᠡᠬᠢ ᠪᠠᠶᠠᠯᠢᠭᠵᠢᠭᠤᠯᠤᠨ | ᠠᠰᠢᠭᠯᠠᠬᠤ ᠠᠷᠭ᠎ᠠ ᠮᠠᠶ᠋ᠢᠭ ᠢ ᠵᠣᠬᠢᠰᠲᠠᠶ ᠰᠣᠩᠭᠤᠵᠤ᠂ ᠣᠳᠣᠬᠠᠨ ᠤ ᠬᠡᠷᠡᠭᠴᠡᠭᠡ ᠶᠢ ᠬᠠᠩᠭᠠᠬᠤ ᠪᠠᠷ ᠪᠠᠷᠠᠬᠤ ᠥᠬᠡᠶ | ᠪᠠᠰᠠ ᠰᠣᠬᠤᠷ ᠪᠠᠯᠠᠶ ᠪᠠᠷ ᠶᠡᠭᠡ ᠳᠤ ᠰᠢᠨᠤᠬᠤ ᠪᠤᠶᠤ ᠬᠡᠲᠦ ᠤᠷᠢᠳᠴᠢᠯᠠᠨ ᠪᠥᠲᠥᠭᠡᠨ ᠪᠠᠶᠢᠭᠤᠯᠬᠤ ᠠᠴᠠ | ᠵᠠᠶᠢᠯᠠᠰᠬᠢᠬᠦ ᠬᠡᠷᠡᠭᠲᠡᠶ᠃ ᠬᠤᠲᠠ ᠪᠠᠯᠭᠠᠰᠤ ᠲᠠᠢ ᠣᠶᠢᠷᠠᠯᠴᠠᠭ᠎ᠠ ᠪᠠᠶᠢᠭ᠎ᠠ ᠪᠠᠶᠢᠭᠤᠯᠤᠯᠳᠠᠲᠤ ᠪᠠᠯᠭᠠᠰᠤ ᠨᠢ ᠡᠩ | ᠲᠡᠷᠢᠭᠦᠨ ᠳᠤ ᠬᠠᠮᠢᠶᠠᠷᠤᠯᠲᠠ ᠶᠢᠨ ᠰᠢᠢᠳᠪᠦᠷᠢᠯᠡᠬᠦ ᠵᠠᠭᠪᠤᠷ ᠢ ᠰᠣᠩᠭᠤᠨ᠎ᠠ︔ ᠬᠥᠮᠦᠨ ᠠᠮᠠ ᠨᠢᠭᠲᠠᠷᠠᠭᠰᠠᠨ᠂ ᠪᠣᠬᠢᠷ | ᠤᠰᠤ ᠭᠠᠷᠭᠠᠬᠤ ᠬᠡᠮᠵᠢᠶ᠎ᠡ ᠪᠠᠷ ᠨᠡᠯᠢᠶᠡᠳ ᠶᠡᠭᠡ ᠪᠠᠶᠢᠭᠤᠯᠤᠯᠳᠠᠲᠤ ᠪᠠᠯᠭᠠᠰᠤ ᠨᠢ ᠲᠥᠪᠯᠡᠷᠡᠭᠦᠯᠦᠨ ᠰᠢᠢᠳᠪᠦᠷᠢᠯᠡᠬᠦ | ᠵᠠᠭᠪᠤᠷ ᠢ ᠬᠡᠷᠡᠭᠯᠡᠨ᠎ᠡ︔ ᠬᠥᠮᠦᠨ ᠠᠮᠠ ᠶᠢᠨ ᠰᠠᠭᠤᠷᠢᠰᠢᠯ ᠨᠢ ᠲᠠᠷᠠᠬᠠᠶ ᠪᠤᠲᠠᠷᠬᠠᠶ᠂ ᠭᠠᠵᠠᠷ ᠤᠨ ᠪᠠᠶᠢᠴᠠ ᠶᠢᠨ | ᠳᠡᠭᠡᠨᠴᠡᠯ ᠶᠡᠬᠡᠲᠡᠶ ᠪᠠᠶᠢᠭᠤᠯᠤᠯᠳᠠᠲᠤ ᠪᠠᠯᠭᠠᠰᠤ ᠨᠢ ᠲᠠᠷᠠᠬᠠᠶ ᠰᠢᠢᠳᠪᠦᠷᠢᠯᠡᠬᠦ ᠵᠠᠭᠪᠤᠷ ᠢ ᠬᠡᠷᠡᠭᠯᠡᠨ᠂ ᠵᠣᠷᠯᠣᠩ ᠢ | ᠥᠭᠡᠷᠡᠴᠢᠯᠡᠭᠰᠡᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠡᠷᠦᠬᠡ ᠬᠤᠪᠢᠶᠠᠬᠤ ᠮᠠᠶ᠋ᠢᠭ ᠤᠨ᠂ ᠡᠷᠦᠬᠡ | ᠬᠤᠯᠪᠣᠭᠠᠯᠠᠬᠤ ᠮᠠᠶ᠋ᠢᠭ ᠤᠨ ᠵᠡᠷᠭᠡ ᠪᠠᠷ ᠳᠠᠮᠵᠢᠭᠤᠯᠤᠨ ᠬᠡᠷ ᠣᠶᠢᠷᠠᠯᠴᠠᠭ᠎ᠠ ᠲᠤᠬᠠᠶ ᠶᠢᠨ ᠭᠠᠵᠠᠷ ᠲᠤᠨᠢ | ᠰᠢᠢᠳᠪᠦᠷᠢᠯᠡᠨ᠎ᠡ︔ ᠬᠡᠰᠡᠭ ᠲᠠᠯ᠎ᠠ ᠨᠢ ᠲᠠᠷᠠᠬᠠᠶ ᠪᠤᠲᠠᠷᠬᠠᠶ᠂ ᠪᠣᠬᠢᠷ ᠤᠰᠤᠨ ᠤ ᠬᠡᠮᠵᠢᠶ᠎ᠡ ᠪᠠᠷ ᠪᠠᠭ᠎ᠠ ᠭᠠᠵᠠᠷ | ᠣᠷᠣᠨ ᠨᠢ ᠲᠠᠲᠠᠵᠤ ᠲᠡᠭᠡᠭᠡᠪᠦᠷᠢᠯᠡᠬᠦ ᠶᠢ ᠰᠢᠢᠳᠪᠦᠷᠢᠯᠡᠬᠦ ᠵᠠᠭᠪᠤᠷ ᠪᠤᠶᠤ ᠵᠢᠵᠢᠭ ᠬᠡᠯᠪᠡᠷᠢᠵᠢᠭᠦᠯᠦᠭᠰᠡᠨ᠂ ᠠᠮᠢ | ᠠᠬᠤᠶᠢᠵᠢᠭᠤᠯᠤᠨ ᠰᠢᠢᠳᠪᠦᠷᠢᠯᠡᠬᠦ ᠲᠦᠬᠦᠭᠡᠷᠣᠮᠵᠢ ᠶᠢ ᠬᠡᠷᠡᠭᠯᠡᠨ᠎ᠡ᠃ ᠡᠯ᠎ᠡ ᠭᠠᠵᠠᠷ ᠨᠢ ᠪᠣᠳᠠᠲᠠᠶ ᠪᠠᠨ ᠦᠨᠳᠦᠰᠦᠯᠡᠨ | ᠨᠢᠭᠡ ᠵᠦᠢᠯ ᠤᠨ ᠪᠤᠶᠤ ᠣᠯᠠᠨ ᠵᠦᠢᠯ ᠤᠨ ᠵᠠᠭᠪᠤᠷ ᠢ ᠬᠠᠷᠢᠯᠴᠠᠨ ᠤᠶᠠᠯᠳᠤᠭᠤᠯᠤᠭᠰᠠᠨ ᠴᠤᠭᠯᠠᠭᠤᠯᠤᠨ | ᠰᠢᠢᠳᠪᠦᠷᠢᠯᠡᠬᠦ ᠵᠠᠭᠪᠤᠷ ᠢ ᠬᠡᠷᠡᠭᠯᠡᠵᠦ ᠪᠣᠯᠤᠨ᠎ᠠ᠃ | 2. ᠪᠣᠬᠢᠷ ᠤᠰᠤ ᠰᠢᠢᠳᠪᠦᠷᠢᠯᠡᠬᠦ ᠲᠦᠬᠦᠭᠡᠷᠣᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠵᠤ᠂ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ | ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠦᠬᠦᠭᠡᠷᠣᠮᠵᠢ ᠶᠢᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠢᠳᠡᠪᠬᠢᠲᠡᠶ ᠠᠬᠢᠭᠤᠯᠤᠨ᠂ ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠡᠮᠬᠢ | ᠵᠢᠷᠤᠮ ᠲᠠᠢ ᠪᠠᠷ ᠨᠥᠬᠦᠪᠥᠷᠢᠯᠡᠬᠦ ᠬᠡᠷᠡᠭᠲᠡᠶ᠃ ᠰᠢᠨ᠎ᠡ ᠪᠠᠷ ᠪᠠᠶᠢᠭᠤᠯᠤᠭᠰᠠᠨ ᠪᠣᠬᠢᠷ ᠤᠰᠤ ᠶᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠲᠦᠬᠦᠭᠡᠷᠣᠮᠵᠢ ᠶᠢᠨ ᠪᠠᠶᠢᠭᠤᠯᠤᠯᠳᠤ ᠪᠠᠯᠭᠠᠰᠤ ᠨᠢ ᠪᠣᠬᠢᠷ ᠤᠰᠤᠨ ᠤ ᠬᠤᠭᠤᠯᠠᠶ ᠶᠢᠨ | ᠲᠣᠤᠷ ᠬᠡᠯᠬᠢᠶ᠎ᠡ ᠪᠠ ᠰᠢᠢᠳᠪᠦᠷᠢᠯᠡᠬᠦ ᠲᠦᠬᠦᠭᠡᠷᠣᠮᠵᠢ ᠶᠢᠨ ᠬᠡᠪᠴᠢᠶ᠎ᠡ ᠶᠢ ᠲᠣᠳᠣᠷᠬᠠᠶᠢᠯᠠᠵᠤ᠂ ᠢᠵᠢ ᠪᠥᠷᠢᠳᠦᠭᠦᠯᠬᠦ | ᠬᠤᠭᠤᠯᠠᠶ ᠶᠢᠨ ᠲᠣᠤᠷ ᠬᠢᠭᠡᠳ ᠪᠣᠬᠢᠷ ᠤᠰᠤ ᠶᠢ ᠰᠢᠢᠳᠪᠦᠷᠢᠯᠡᠬᠦ ᠲᠦᠬᠦᠭᠡᠷᠣᠮᠵᠢ ᠶᠢ ᠵᠡᠷᠭᠡ ᠳᠤᠨᠢ ᠲᠥᠯᠥᠪᠵᠢᠭᠦᠯᠬᠦ᠂ | ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠵᠤ ᠲᠡᠭᠡᠭᠡᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠪᠣᠬᠢᠷ ᠤᠰᠤ ᠶᠢ ᠰᠢᠢᠳᠪᠦᠷᠢᠯᠡᠬᠦ ᠲᠦᠬᠦᠭᠡᠷᠣᠮᠵᠢ ᠲᠠᠢ ᠪᠠᠶᠢᠭᠤᠯᠤᠮᠵᠢᠳᠤ ᠪᠠᠯᠭᠠᠰᠤ ᠨᠤᠭᠤᠳ ᠬᠤᠭᠤᠯᠠᠶ ᠶᠢᠨ | ᠲᠣᠣᠷ ᠤᠨ ᠬᠤᠭᠤᠰᠣᠨ ᠭᠠᠵᠠᠷ ᠢ ᠠᠯᠬᠤᠮ ᠠᠯᠬᠤᠮ ᠢᠶᠠᠷ ᠠᠷᠢᠯᠭᠠᠵᠤ᠂ ᠪᠣᠬᠢᠷ ᠤᠰᠤ ᠶᠢ ᠬᠤᠷᠢᠶᠠᠨ | ᠴᠤᠭᠯᠠᠭᠤᠯᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ | 3. ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠠᠬᠢᠭᠤᠯᠤᠨ᠎ᠠ᠃ ︽ᠣᠶᠢᠷ᠎ᠠ | ᠬᠠᠪᠢ ᠳᠤᠨᠢ ᠰᠢᠢᠳᠪᠦᠷᠢᠯᠡᠬᠦ᠂ ᠲᠤᠬᠠᠶ ᠶᠢᠨ ᠭᠠᠵᠠᠷ ᠲᠤᠨᠢ ᠡᠷᠭᠢᠯᠳᠦᠭᠦᠯᠬᠦ︾ ᠵᠠᠷᠴᠢᠮ ᠢ ᠪᠠᠷᠢᠮᠲᠠᠯᠠᠨ᠂ | ᠠᠮᠢᠳᠤᠷᠠᠯ ᠤᠨ ᠪᠣᠬᠢᠷ ᠤᠰᠤ ᠶᠢ ᠳᠠᠬᠢᠨ ᠠᠰᠢᠭᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠪᠣᠬᠢᠷ ᠰᠢᠪᠠᠷ ᠢ ᠬᠤᠤᠷ ᠥᠬᠡᠶ ᠪᠣᠯᠭᠠᠨ ᠰᠢᠢᠳᠪᠦᠷᠢᠯᠡᠬᠦ ᠶᠢ ᠠᠬᠢᠭᠤᠯᠤᠨ᠂ | ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ | ᠠᠬᠢᠭᠤᠯᠤᠨ᠎ᠠ᠃ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠤᠰᠤ ᠶᠢ ᠪᠣᠳᠠᠲᠤ ᠬᠡᠷᠡᠭᠴᠡᠭᠡ ᠱᠠᠭᠠᠷᠳᠠᠯᠭ᠎ᠠ | ᠪᠠ ᠠᠵᠤ ᠣᠶᠢᠯᠡᠰ ᠤᠨ ᠪᠠᠶᠢᠷᠢᠰᠢᠭᠤᠯᠤᠯᠲᠠ ᠶᠢ ᠦᠨᠳᠦᠰᠦᠯᠡᠨ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠬᠤᠲᠠ ᠶᠢᠨ ᠶᠠᠪᠤᠳᠠᠯ ᠤᠨ ᠡᠯᠳᠡᠪ ᠬᠡᠷᠡᠭᠯᠡᠭᠡᠨ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠦᠵᠡᠮᠵᠢ ᠶᠢᠨ ᠤᠰᠤ | ᠬᠡᠷᠡᠭᠯᠡᠬᠦ᠂ ᠠᠮᠢ ᠠᠬᠤᠶ ᠶᠢᠨ ᠤᠰᠤ ᠨᠥᠬᠦᠪᠥᠷᠢᠯᠡᠬᠦ᠂ ᠲᠠᠷᠢᠶᠠᠯᠠᠩ ᠤᠨ ᠤᠰᠤᠯᠠᠯᠲᠠ ᠵᠡᠷᠭᠡ ᠳᠤ ᠣᠶᠢᠷ᠎ᠠ | ᠬᠠᠪᠢ ᠳᠠᠭᠠᠨ ᠬᠡᠷᠡᠭᠯᠡᠬᠦ ᠶᠢ ᠵᠣᠷᠢᠭᠵᠢᠭᠤᠯᠤᠨ᠎ᠠ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ | 1. ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠠᠭᠪᠤᠷ ᠢ ᠰᠢᠨᠵᠢᠯᠡᠬᠦ ᠤᠬᠠᠭᠠᠨᠴᠢ ᠪᠠᠷ | ᠰᠣᠩᠭᠤᠬᠤ ᠬᠡᠷᠡᠭᠲᠡᠶ᠃ ᠡᠯ᠎ᠡ ᠭᠠᠵᠠᠷ ᠨᠢ ᠪᠣᠳᠠᠲᠠᠶ ᠲᠠᠢ ᠪᠠᠨ ᠤᠶᠠᠯᠳᠤᠭᠤᠯᠤᠨ᠂ ᠪᠠᠯᠭᠠᠰᠤ ᠲᠣᠰᠬᠤᠨ ᠤ | ᠲᠠᠷᠬᠠᠯᠲᠠ᠂ ᠵᠠᠰᠠᠭ ᠤᠨ ᠣᠷᠳᠣᠨ ᠤ ᠡᠳ᠋ ᠤᠨ ᠬᠦᠴᠦᠨ᠂ ᠬᠤᠭ ᠨᠣᠪᠰᠢ ᠭᠠᠷᠭᠠᠬᠤ ᠬᠡᠮᠵᠢᠶ᠎ᠡ᠂ ᠳᠠᠮᠵᠢᠭᠤᠯᠤᠨ | ᠲᠡᠭᠡᠭᠡᠪᠦᠷᠢᠯᠡᠬᠦ ᠨᠥᠬᠦᠴᠡᠯ᠂ ᠲᠡᠭᠡᠭᠡᠪᠦᠷᠢᠯᠡᠬᠦ ᠵᠠᠶ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠬᠤ ᠬᠡᠷᠡᠭᠲᠡᠶ᠃ ᠬᠤᠲᠠ ᠪᠤᠶᠤ ᠰᠢᠶᠠᠨ ᠤ ᠬᠤᠲᠠ ᠶᠢᠨ | ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠦᠬᠦᠭᠡᠷᠣᠮᠵᠢ ᠶᠢᠨ ᠬᠠᠮᠤᠷᠬᠤ ᠬᠡᠪᠴᠢᠶᠡᠨ ᠳᠠᠬᠢ ᠠᠶᠢᠯ | ᠲᠣᠰᠬᠤᠨ ᠳᠤ ᠨᠢᠭᠡᠳᠦᠯᠲᠡᠶ ᠬᠤᠷᠢᠶᠠᠨ ᠲᠡᠭᠡᠭᠡᠪᠦᠷᠢᠯᠡᠬᠦ᠂ ᠲᠥᠪᠯᠡᠷᠡᠭᠦᠯᠦᠨ ᠰᠢᠢᠳᠪᠦᠷᠢᠯᠡᠬᠦ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠠᠭᠪᠤᠷ ᠢ ᠬᠡᠷᠡᠭᠯᠡᠬᠦ ᠬᠡᠷᠡᠭᠲᠡᠶ᠃ ᠵᠠᠮ ᠬᠠᠷᠢᠯᠴᠠᠭ᠎ᠠ ᠳᠥᠭᠦᠮ | ᠦᠭᠡᠢ ᠪᠤᠶᠤ ᠲᠡᠭᠡᠭᠡᠪᠦᠷᠢ ᠶᠢᠨ ᠵᠠᠶ ᠨᠢ ᠨᠡᠯᠢᠶᠡᠳ ᠤᠷᠳᠤ ᠠᠶᠢᠯ ᠲᠣᠰᠬᠤᠨ ᠳᠤ ᠲᠤᠬᠠᠶ ᠶᠢᠨ ᠭᠠᠵᠠᠷ ᠲᠤᠨᠢ | ᠲᠣᠬᠢᠷᠠᠭᠤᠯᠤᠨ ᠵᠢᠵᠢᠭ ᠬᠡᠯᠪᠡᠷᠢᠵᠢᠭᠰᠡᠨ᠂ ᠲᠠᠷᠠᠬᠠᠶ ᠪᠤᠲᠠᠷᠬᠠᠶ᠂ ᠬᠤᠣᠷ ᠦᠭᠡᠶᠢᠵᠢᠬᠦᠯᠦᠨ ᠰᠢᠢᠳᠪᠦᠷᠢᠯᠡᠬᠦ | ᠲᠥᠬᠦᠭᠡᠷᠦᠮᠵᠢ ᠶᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠤᠬᠠᠶ ᠶᠢᠨ ᠭᠠᠵᠠᠷ ᠲᠤᠨᠢ ᠪᠤᠶᠤ ᠤᠢᠢᠷ᠎ᠠ | ᠬᠠᠪᠢ ᠳᠤᠨᠢ ᠰᠢᠶ᠋ᠳᠪᠦᠷᠢᠯᠡᠬᠦ ᠶᠢ ᠲᠦᠯᠬᠢᠨ ᠠᠬᠢᠭᠤᠯᠤᠨ᠎ᠠ᠃ | 2. ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠦᠬᠦᠭᠡᠷᠣᠮᠵᠢ ᠶᠢᠨ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠵᠤ᠂ ᠠᠮᠢᠳᠤᠷᠠᠯ ᠤᠨ | ᠬᠤᠭ ᠨᠣᠪᠰᠢ ᠶᠢᠨ ᠰᠠᠭᠤᠷᠢ ᠲᠦᠬᠦᠭᠡᠷᠣᠮᠵᠢ ᠶᠢ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠤᠨ᠎ᠠ᠃ ᠲᠥᠷᠥᠯ | ᠬᠤᠪᠢᠶᠠᠨ ᠬᠤᠭ ᠨᠣᠪᠰᠢ ᠶᠢᠨ ᠰᠠᠪᠠ ᠲᠠᠯᠪᠢᠬᠤ ᠶᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠬᠤᠭ ᠨᠣᠪᠰᠢ | ᠴᠤᠭᠯᠠᠭᠤᠯᠬᠤ ᠰᠠᠪᠠ ᠪᠠᠨ ᠥᠪᠡᠰᠦᠪᠡᠨ ᠪᠡᠯᠡᠳᠬᠡᠬᠦ ᠶᠢ ᠵᠣᠷᠢᠭᠵᠢᠭᠤᠯᠤᠨ᠎ᠠ᠃ ᠠᠶᠢᠯ ᠲᠣᠰᠬᠤᠨ ᠤ ᠬᠤᠭ | ᠨᠣᠪᠰᠢ ᠶᠢ ᠬᠤᠷᠢᠶᠠᠨ ᠴᠤᠭᠯᠠᠭᠤᠯᠬᠤ ᠬᠡᠷ ᠪᠠᠶᠢᠰᠢᠩ ︵ᠴᠡᠭ᠂ ᠥᠷᠲᠡᠭᠡ︶ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠪᠢᠲᠡᠭᠦᠮᠵᠢᠯᠡᠭᠰᠡᠨ ᠪᠤᠰᠤ ᠬᠤᠭ ᠨᠣᠪᠰᠢ ᠶᠢ ᠲᠥᠪᠯᠡᠷᠡᠭᠦᠯᠦᠨ ᠬᠤᠷᠢᠶᠠᠨ ᠴᠤᠭᠯᠠᠭᠤᠯᠬᠤ | ᠲᠦᠬᠦᠭᠡᠷᠣᠮᠵᠢ ᠶᠢ ᠠᠯᠬᠤᠮ ᠠᠯᠬᠤᠮ ᠢᠶᠠᠷ ᠰᠢᠭᠰᠢᠭᠳᠡᠭᠦᠯᠵᠦ᠂ ᠨᠢᠭᠲᠠ ᠪᠢᠲᠡᠭᠦᠮᠵᠢᠯᠡᠭᠰᠡᠨ ᠬᠤᠭ ᠨᠣᠪᠰᠢ ᠶᠢ | ᠳᠠᠮᠵᠢᠭᠤᠯᠤᠨ ᠲᠡᠭᠡᠭᠡᠪᠦᠷᠢᠯᠡᠬᠦ ᠲᠦᠬᠦᠭᠡᠷᠣᠮᠵᠢ ᠶᠢᠨ ᠲᠣᠬᠢᠷᠠᠭᠤᠯᠤᠯᠲᠠ ᠶᠢ ᠨᠡᠮᠡᠭᠳᠡᠭᠦᠯᠦᠨ᠂ ᠬᠤᠭ ᠨᠣᠪᠰᠢ ᠶᠢ | ᠳᠠᠮᠵᠢᠭᠤᠯᠤᠨ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ ᠳᠤ | ᠬᠤᠶᠠᠳᠠᠬᠢ ᠤᠳᠠᠭ᠎ᠠ ᠪᠣᠬᠢᠷᠲᠤᠭᠤᠯᠬᠤ ᠶᠢ ᠰᠡᠷᠭᠡᠶᠢᠯᠡᠬᠦ ᠬᠡᠷᠡᠭᠲᠡᠶ᠃ ᠡᠭᠦᠨ ᠤ ᠬᠠᠮᠲᠤ ᠦᠵᠦᠭᠦᠷ ᠰᠢᠢᠳᠪᠦᠷᠢᠯᠡᠬᠦ | ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | 3. ᠬᠤᠭ ᠨᠣᠪᠰᠢ ᠶᠢ ᠲᠥᠷᠥᠯ ᠬᠤᠪᠢᠶᠠᠨ ᠬᠡᠮᠵᠢᠶ᠎ᠡ ᠶᠢ ᠪᠠᠭᠠᠰᠬᠠᠬᠤ ᠪᠠ ᠠᠰᠢᠭᠯᠠᠬᠤ ᠶᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ | ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭ ᠪᠠ | ᠮᠠᠯᠴᠢᠨ ᠲᠠᠷᠢᠶᠠᠴᠢᠨ ᠤ ᠵᠠᠩ ᠳᠠᠳᠬᠠᠯ ᠳᠤ ᠨᠡᠶᠢᠴᠡᠬᠦ᠂ ᠳᠥᠭᠦᠮ ᠬᠢᠯᠪᠠᠷ ᠶᠠᠪᠤᠭᠳᠠᠬᠤ ᠲᠥᠷᠥᠯ ᠬᠤᠪᠢᠶᠠᠨ | ᠰᠢᠢᠳᠪᠦᠷᠢᠯᠡᠬᠦ ᠵᠠᠭᠪᠤᠷ ᠢ ᠳᠡᠯᠭᠡᠷᠡᠭᠦᠯᠦᠨ᠂ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠰᠢᠩᠭᠡᠭᠡᠬᠦ ᠠᠷᠭ᠎ᠠ | ᠮᠠᠶ᠋ᠢᠭ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠤᠭ ᠨᠣᠪᠰᠢ ᠶᠢᠨ ᠡᠬᠢ ᠡᠭᠦᠰᠦᠯ ᠢ ᠲᠥᠷᠥᠯ ᠬᠤᠪᠢᠶᠠᠨ | ᠬᠡᠮᠵᠢᠶ᠎ᠡ ᠶᠢ ᠪᠠᠭᠠᠰᠬᠠᠬᠤ ᠶᠢ ᠠᠬᠢᠭᠤᠯᠤᠨ᠎ᠠ᠃ ᠠᠮᠠᠷᠬᠠᠨ ᠢᠯᠵᠢᠷᠡᠬᠦ ᠬᠤᠭ ᠨᠣᠪᠰᠢ ᠶᠢ ᠲᠤᠬᠠᠶ ᠶᠢᠨ ᠭᠠᠵᠠᠷ ᠲᠤᠨᠢ | ᠣᠪᠣᠭᠠᠯᠠᠨ ᠪᠣᠷᠲᠣᠭᠤᠷ ᠰᠢᠩᠭᠡᠭᠡᠬᠦ ᠶᠢ ᠳᠥᠯᠭᠢᠨ ᠠᠬᠢᠭᠤᠯᠤᠨ᠎ᠠ᠃ ᠦᠨᠡᠰᠦ ᠰᠢᠷᠣᠢ᠂ ᠬᠠᠭᠠᠷᠬᠠᠢ ᠲᠣᠭᠤᠰᠬ᠎ᠠ | ᠬᠠᠭᠤᠴᠢᠨ ᠸᠠᠭᠠᠷ ᠵᠡᠷᠭᠡ ᠬᠤᠶᠢᠷᠭᠤ ᠬᠤᠭ ᠨᠣᠪᠰᠢ ᠶᠢ ᠲᠣᠰᠬᠤᠨ ᠳᠤ ᠵᠠᠮ ᠳᠡᠪᠢᠰᠴᠦ ᠨᠥᠬᠡ ᠪᠥᠭᠯᠡᠬᠦ ᠪᠤᠶᠤ | ᠣᠶᠢᠷᠠᠯᠴᠠᠭ᠎ᠠ ᠭᠠᠵᠠᠷ ᠲᠤᠨᠢ ᠪᠤᠯᠠᠨ᠎ᠠ᠃ ᠡᠭᠡᠭᠦᠯᠦᠨ ᠬᠤᠷᠢᠶᠠᠵᠤ ᠪᠣᠯᠬᠤ ᠬᠤᠭ ᠨᠣᠪᠰᠢ ᠶᠢ ᠡᠬᠢ ᠪᠠᠶᠠᠯᠢᠭ ᠢ | ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ ᠬᠤᠤᠷ ᠬᠥᠨᠥᠭᠡᠯ ᠲᠠᠢ ᠬᠤᠭ | ᠨᠣᠪᠰᠢ ᠶᠢ ᠲᠤᠰᠠᠭᠠᠷ ᠴᠤᠭᠯᠠᠭᠤᠯᠤᠨ ᠬᠠᠳᠠᠭᠠᠯᠠᠬᠤ ᠪᠠ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ | ᠪᠦᠲᠦᠮᠵᠢᠲᠡᠶ ᠠᠬᠢᠭᠤᠯᠤᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ | ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ | ᠵᠣᠬᠢᠴᠠᠭᠤᠯᠬᠤ ᠪᠠᠨ ᠴᠢᠩᠭᠠᠳᠬᠠᠵᠤ᠂ ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠬᠤ ᠶᠢ ᠰᠠᠶᠢᠲᠤᠷ ᠬᠢᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ | ᠡᠭᠦᠨ ᠤ ᠬᠠᠮᠲᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠰᠢᠨᠵᠢᠯᠡᠬᠦ | ᠤᠬᠠᠭᠠᠨᠴᠢ ᠪᠠᠷ ᠨᠤᠲᠠᠯᠠᠯᠲᠠ ᠬᠢᠵᠦ᠂ ᠪᠡᠯᠡᠳᠬᠡᠮᠵᠢ ᠶᠢᠨ ᠲᠥᠷᠥᠯ ᠵᠦᠢᠯ ᠢ ᠨᠢᠭᠡ ᠨᠢᠭᠡ ᠪᠠᠷ ᠪᠠᠶᠢᠭᠤᠯᠬᠤ ᠶᠢ | ᠦᠨᠡᠨᠬᠦ ᠪᠠᠲᠤᠯᠠᠵᠤ᠂ ᠪᠠᠯᠠ ᠮᠥᠩᠭᠦ ᠶᠢ ᠪᠦᠷᠢᠯᠭᠡᠨ ᠰᠦᠢᠳᠭᠡᠬᠦ ᠪᠠ ᠰᠢᠨ᠎ᠡ ᠪᠣᠬᠢᠷᠲᠤᠯ ᠡᠭᠦᠰᠭᠡᠬᠦ ᠠᠴᠠ ᠵᠠᠶᠢᠯᠠᠰᠬᠢᠬᠦ | ᠬᠡᠷᠡᠭᠲᠡᠶ᠃ ᠨᠢᠭᠡᠨᠲᠡ ᠪᠠᠶᠢᠭᠤᠯᠤᠭᠰᠠᠨ ᠵᠦᠢᠯᠡᠰ ᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠵᠤ᠂ ᠦᠷ᠎ᠡ | ᠠᠰᠢᠭ ᠢ ᠨᠢ ᠪᠠᠳᠠᠷᠠᠭᠤᠯᠬᠤ ᠬᠡᠷᠡᠭᠲᠡᠶ᠃ 2024 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ᠂ | ᠡᠯ᠎ᠡ ᠬᠤᠰᠢᠭᠤ ᠰᠢᠶᠠᠨ ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯᠯᠠᠭ᠎ᠠ ᠶᠢᠨ ᠲᠥᠰᠦᠯ ᠢ ᠲᠣᠭᠲᠠᠭᠠᠬᠤ ᠶᠢᠨ | ᠬᠠᠮᠲᠤ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃ | ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠨᠡᠮᠡᠭᠳᠡᠭᠦᠯᠦᠨ᠎ᠡ᠃ ᠪᠠᠶᠢᠭᠤᠯᠤᠮᠵᠢᠳᠤ ᠪᠠᠯᠭᠠᠰᠤ ᠶᠢᠨ | ᠠᠮᠢᠳᠤᠷᠠᠯ ᠤᠨ ᠪᠣᠬᠢᠷ ᠤᠰᠤ᠂ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ | ᠵᠠᠷᠤᠳᠠᠯ ᠢ ᠲᠤᠰ ᠱᠠᠲᠤᠨ ᠤ ᠠᠷᠠᠳ ᠤᠨ ᠵᠠᠰᠠᠭ ᠤᠨ ᠲᠥᠰᠦᠪ ᠲᠤ ᠣᠷᠣᠭᠤᠯᠵᠤ᠂ ᠵᠠᠷᠤᠳᠠᠯ ᠤᠨ ᠳᠡᠮᠵᠢᠯᠭᠡ ᠶᠢ | ᠢᠳᠡᠪᠬᠢᠲᠡᠶ ᠪᠠᠷ ᠴᠢᠷᠮᠠᠶᠢᠨ ᠣᠯᠵᠤ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠨᠥᠬᠦᠴᠡᠯ ᠲᠠᠢ | ᠭᠠᠵᠠᠷ ᠣᠷᠣᠨ ᠨᠢ ᠪᠤᠢ ᠪᠣᠯᠤᠭᠰᠠᠨ ᠬᠥᠮᠦᠨ ᠵᠠᠷᠤᠳᠠᠯ ᠲᠤᠰᠢᠶᠠᠬᠤ ᠵᠠᠷᠴᠢᠮ ᠤᠨ ᠶᠣᠰᠣᠭᠠᠷ᠂ ᠬᠥᠳᠡᠭᠡ ᠲᠣᠰᠬᠤᠨ | ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠠᠷᠤᠳᠠᠯ ᠬᠤᠷᠢᠶᠠᠬᠤ ᠲᠥᠷᠢᠮ ᠢ ᠰᠦᠪᠡᠭᠴᠢᠯᠡᠨ ᠪᠠᠶᠢᠭᠤᠯᠵᠤ | ᠪᠣᠯᠤᠨ᠎ᠠ᠃ ᠠᠵᠤ ᠠᠬᠤᠶᠢᠯᠠᠯ ᠪᠤᠶᠤ ᠨᠡᠶᠢᠭᠡᠮ ᠤᠨ ᠬᠥᠷᠥᠩᠭᠡ ᠶᠢᠨ ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ | ᠪᠣᠬᠢᠷ ᠤᠰᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠨᠡᠶᠢᠭᠡᠮ ᠢᠶᠠᠷ ᠢᠶᠠᠨ ᠬᠠᠪᠰᠤᠷᠤᠨ | ᠲᠡᠳᠬᠦᠬᠦ ᠶᠢ ᠵᠣᠷᠢᠭᠵᠢᠭᠤᠯᠵᠤ᠂ ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠪᠣᠯᠤᠨ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠡᠳ᠋ ᠮᠥᠩᠭᠦ ᠬᠠᠨᠳᠢᠪᠯᠠᠨ ᠲᠤᠰᠠᠯᠠᠵᠤ ᠵᠠᠰᠠᠬᠤ ᠬᠡᠷᠡᠭᠲᠡᠶ᠃ | | ︵ᠭᠤᠷᠪᠠ︶ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠬᠠᠮᠢᠶ᠎ᠠ ᠪᠥᠬᠦᠶ | ᠱᠠᠭᠠᠷᠳᠠᠯᠭ᠎ᠠ ᠶᠣᠰᠣᠭᠠᠷ᠂ ᠪᠠᠶᠢᠭᠤᠯᠤᠯᠳᠠᠲᠤ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ᠂ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠲᠦᠬᠦᠭᠡᠷᠣᠮᠵᠢ ᠶᠢᠨ | ᠪᠥᠲᠥᠭᠡᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠠᠵᠢᠯ ᠢ ᠴᠠᠭ ᠲᠤᠨᠢ ᠳᠣᠭᠢᠷᠠᠭᠤᠯᠤᠨ | ᠥᠷᠨᠢᠭᠦᠯᠵᠦ᠂ ᠠᠵᠢᠯ ᠤᠨ ᠡᠬᠡ ᠲᠠᠩᠰᠠ ᠪᠠ ᠭᠠᠷᠠᠭ ᠤᠨ ᠮᠡᠳᠡᠭᠦᠯᠦᠯᠲᠡ ᠶᠢᠨ ᠲᠦᠷᠢᠮ ᠢ ᠪᠠᠶᠢᠭᠤᠯᠤᠨ᠂ ᠡᠯ᠎ᠡ | ᠭᠠᠵᠠᠷ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠵᠦ᠂ | ᠪᠠᠶᠢᠷᠢᠯᠠᠭᠤᠯᠤᠯᠲᠠ ᠨᠢ ᠪᠣᠳᠠᠲᠠᠶᠢᠵᠢᠭᠰᠠᠨ ᠥᠬᠡᠶ᠂ ᠠᠷᠭ᠎ᠠ ᠬᠡᠮᠵᠢᠶ᠎ᠡ ᠨᠢ ᠬᠦᠴᠦᠨ ᠥᠬᠡᠶ᠂ ᠠᠵᠢᠯ ᠢᠶᠠᠨ | ᠨᠠᠶᠢᠳᠠᠪᠤᠷᠢᠵᠢᠭᠤᠯᠤᠭᠰᠠᠨ ᠥᠬᠡᠶ ᠶᠢ ᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ ᠡᠯ᠎ᠡ ᠵᠦᠢᠯ ᠤᠨ ᠠᠵᠢᠯ ᠤᠨ | ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠳᠥᠷᠪᠡ︶ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ | ᠬᠤᠰᠢᠭᠤ ᠰᠢᠶᠠᠨ ᠬᠤᠲᠠ ᠨᠤᠭᠤᠳ ᠤᠬᠠᠭᠤᠯᠵᠤ ᠬᠥᠲᠥᠯᠦᠨ ᠵᠢᠯᠣᠭᠤᠳᠬᠤ ᠠᠵᠢᠯ ᠢ ᠦᠨᠡᠨᠬᠦ ᠰᠠᠶᠢᠲᠤᠷ ᠬᠢᠵᠦ᠂ | ᠡᠯ᠎ᠡ ᠲᠥᠷᠥᠯ ᠤᠨ ᠵᠠᠭᠤᠴᠢᠯᠠᠭᠤᠷ ᠢ ᠥᠷᠭᠡᠨ ᠢᠶᠠᠷ ᠬᠡᠷᠡᠭᠯᠡᠨ᠂ ᠣᠯᠠᠨ ᠲᠦᠮᠡᠨ ᠤ ᠣᠷᠣᠯᠴᠠᠬᠤ ᠢᠳᠡᠪᠬᠢᠵᠢᠯ ᠢ | ᠬᠦᠢᠴᠡᠳ ᠳᠠᠶᠢᠴᠢᠯᠠᠬᠤ ᠬᠡᠷᠡᠭᠲᠡᠶ᠂ |