| ︽ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ | ᠦᠨᠡᠮᠰᠢᠬᠦ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠥᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠵᠠᠬᠢᠳᠠᠯ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ | ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠭᠠᠳᠠᠨᠠᠬᠢ ᠠᠵᠤ ᠠᠬᠤᠶᠢᠯᠠᠯ ᠤᠨ | ᠬᠥᠭᠵᠢᠯᠲᠡ ᠶᠢ ᠵᠢᠷᠤᠮᠵᠢᠭᠤᠯᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠮᠥᠨ ᠴᠢᠨᠠᠷ ᠤᠨ ᠠᠮᠤᠷ ᠲᠦᠪᠰᠢᠨ ᠪᠠ | ᠪᠣᠬᠢᠷᠲᠤᠯ ᠥᠬᠡᠶ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠠᠶᠢᠮᠠᠭ ᠵᠠᠬᠢᠷᠭ᠎ᠠ ᠪᠠᠷ | ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ | ᠬᠢᠨᠠᠨ ᠡᠵᠡᠮᠳᠡᠬᠦ ᠴᠡᠭ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ᠢ | ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | ᠳᠠᠭᠠᠯᠳᠤᠭᠤᠯᠤᠯ᠄ ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ | ᠡᠵᠡᠮᠳᠡᠬᠦ ᠴᠡᠭ ᠢ ᠦᠨᠡᠮᠰᠢᠬᠦ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ | ᠬᠢᠩᠭᠠᠨ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠢᠩᠭᠠᠨ | ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ | ᠬᠢᠩᠭᠠᠨ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ | ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ | ᠬᠢᠩᠭᠠᠨ ᠠᠶᠢᠮᠠᠭ ᠤᠨ ᠵᠠᠮ ᠲᠡᠭᠡᠭᠡᠪᠦᠷᠢ ᠶᠢᠨ ᠲᠣᠪᠴᠢᠶ᠎ᠠ ᠬᠢᠩᠭᠠᠨ ᠠᠶᠢᠮᠠᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠢᠩᠭᠠᠨ ᠠᠶᠢᠮᠠᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ | ᠰᠠᠯᠪᠤᠷᠢ ᠠᠩᠭᠢ | 2024 ᠣᠨ ᠤ 6 ᠰᠠᠷ᠎ᠠ ᠶᠢᠨ 24 ᠤ ᠡᠳᠣᠷ | ᠳᠠᠭᠠᠯᠳᠤᠭᠤᠯᠤᠯ | ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ | ᠦᠨᠡᠮᠰᠢᠬᠦ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ᠨᠢᠭᠡᠳᠦᠭᠡᠷ ᠪᠦᠯᠦᠭ ᠵᠡᠷᠦᠩᠬᠡᠶ ᠲᠦᠷᠢᠮ | ᠨᠢᠭᠡᠳᠦᠭᠡᠷ ᠵᠦᠢᠯ ᠮᠠᠨ ᠤ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠠᠮᠤᠷ | ᠲᠦᠪᠰᠢᠨ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠵᠦ᠂ ᠭᠤᠤᠯᠳᠠᠯᠭ᠎ᠠ ᠲᠠᠢ | ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠢᠨᠠᠨ ᠡᠵᠡᠮᠳᠡᠬᠦ ᠬᠠᠮᠢᠶᠠᠷᠤᠯᠲᠠ ᠶᠢ ᠴᠢᠩᠭᠠᠷᠠᠭᠤᠯᠤᠨ᠂ | ᠮᠠᠨ ᠤ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ | ᠲᠦᠪᠰᠢᠨ ᠪᠠ ᠪᠣᠬᠢᠷᠲᠤᠯ ᠥᠬᠡᠶ ᠬᠥᠭᠵᠢᠯᠲᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠮᠢ ᠶᠢᠨ | ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠮᠠᠭᠠᠳᠯᠠᠨ ᠲᠣᠭᠲᠠᠭᠠᠬᠤ ᠠᠷᠭ᠎ᠠ︾ ᠶᠢ | ᠦᠨᠳᠦᠰᠦᠯᠡᠨ᠂ ᠮᠠᠨ ᠤ ᠠᠶᠢᠮᠠᠭ ᠤᠨ ᠪᠤᠳᠠᠳᠠᠤ ᠪᠠᠶᠢᠳᠠᠯ ᠲᠠᠢ ᠤᠶᠠᠯᠳᠤᠭᠤᠯᠤᠨ ᠲᠤᠰ ᠲᠦᠷᠢᠮ ᠢ ᠲᠤᠭᠳᠠᠭᠠᠪᠠ᠃ | ᠬᠤᠶᠠᠳᠤᠭᠠᠷ ᠵᠦᠢᠯ ᠲᠤᠰ ᠨᠠᠷᠢᠨ ᠳᠦᠷᠢᠮ ᠳᠤ ᠬᠡᠯᠡᠵᠦ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ | ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠨᠢᠭᠡᠨᠲᠡ ᠦᠨᠡᠮᠰᠢᠭᠰᠡᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ︵ᠲᠥᠪᠯᠡᠷᠡᠭᠰᠡᠨ ᠲᠣᠭᠤᠷᠢᠭ︶ ᠠᠴᠠ ᠭᠠᠳᠠᠨ᠎ᠠ᠂ ᠤᠯᠤᠰ ᠤᠨ ᠠᠵᠤ ᠦᠢᠯᠡᠰ ᠤᠨ ᠲᠥᠷᠥ ᠶᠢᠨ | ᠪᠣᠳᠣᠯᠭ᠎ᠠ ᠳᠤ ᠨᠡᠶᠢᠴᠡᠬᠦ᠂ ᠪᠠᠶᠢᠭᠤᠯᠬᠤ ᠭᠠᠷᠳᠠᠮ ᠨᠢ ᠪᠦᠷᠢᠨ ᠭᠦᠢᠴᠡᠳ᠂ ᠬᠠᠮᠢᠶᠠᠷᠤᠯᠲᠠ ᠨᠢ ᠵᠢᠷᠤᠮᠵᠢᠯ ᠲᠠᠢ᠂ | ᠮᠡᠷᠭᠡᠵᠢᠯ ᠤᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ᠂ ᠬᠡᠪᠴᠢᠶ᠎ᠡ ᠶᠢᠨ ᠶᠡᠷᠦᠩᠬᠡᠶ ᠬᠡᠮᠵᠢᠶ᠎ᠡ ᠪᠠᠷ ᠶᠡᠭᠡ᠂ ᠠᠮᠤᠷ | ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠡ ᠪᠠᠷ ᠪᠦᠷᠢᠨ ᠲᠡᠭᠦᠯᠳᠡᠷ᠂ ᠠᠵᠤ ᠠᠬᠤᠶ ᠶᠢᠨ | ᠦᠷ᠎ᠡ ᠠᠰᠢᠭ ᠢᠶᠠᠷ ᠲᠣᠪᠤᠶᠢᠮ᠎ᠠ᠂ ᠨᠡᠭᠦᠯᠭᠡᠬᠦ ᠳᠤ ᠬᠦᠴᠢᠷ ᠶᠡᠭᠡ᠂ ᠨᠡᠯᠢᠶᠡᠳ ᠪᠣᠯᠪᠠᠰᠤᠷᠠᠩᠭᠤᠶ ᠪᠥᠭᠡᠳ | ᠤᠷᠲᠤᠳᠬᠠᠭᠰᠠᠨ ᠠᠵᠤ ᠤᠶᠢᠯᠡᠰ ᠤᠨ ᠬᠡᠯᠬᠢᠶ᠎ᠡ ᠶᠢᠨ ᠲᠥᠯᠥᠪᠵᠢᠭᠦᠯᠭᠡ ᠶᠢᠨ ᠲᠥᠷᠥᠯ ᠵᠦᠢᠯ ᠲᠠᠢ ᠨᠢᠭᠡᠨᠲᠡ | ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠵᠤ | ᠠᠬᠤᠶᠢᠯᠠᠯ ᠢ ᠵᠢᠭᠠᠵᠤ ᠪᠣᠶ᠃ | ᠭᠤᠷᠪᠠᠳᠤᠭᠠᠷ ᠵᠦᠢᠯ ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ | ᠡᠵᠡᠮᠳᠡᠬᠦ ᠴᠡᠭ ᠢ ᠠᠶᠢᠮᠠᠭ ᠤᠨ ᠵᠠᠬᠢᠷᠭ᠎ᠠ ᠠᠴᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠠᠶᠢᠮᠠᠭ ᠤᠨ | ᠵᠠᠬᠢᠷᠭ᠎ᠠ ᠠᠴᠠ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠤ ᠡᠷᠬᠡ | ᠣᠯᠭᠤᠵᠤ ᠠᠶᠢᠮᠠᠭ ᠤᠨ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ | ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ | ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ | ᠰᠠᠯᠠᠭ᠎ᠠ ᠮᠥᠴᠢᠷ ︵ᠳᠣᠷᠣᠭᠰᠢ ︽ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠨᠠᠢᠮᠠ ᠰᠠᠯᠠᠭ᠎ᠠ ᠮᠥᠴᠢᠷ︾ | ᠭᠡᠵᠦ ᠲᠣᠪᠴᠢᠯᠠᠨ᠎ᠠ︶ ᠢ ᠵᠣᠬᠢᠶᠠᠨ ᠪᠠᠶᠢᠭᠤᠯᠤᠨ ᠦᠨᠡᠮᠰᠢᠬᠦ ᠠᠵᠢᠯ ᠢ ᠬᠠᠮᠲᠤᠪᠠᠷ ᠥᠷᠨᠢᠭᠦᠯᠦᠨ᠎ᠡ᠃ | ᠳᠥᠷᠪᠡᠳᠦᠭᠡᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ | ᠦᠨᠡᠮᠰᠢᠬᠦ ᠠᠵᠢᠯ ᠨᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠢᠶ᠎ᠠ ᠪᠥᠬᠦᠢ ᠠᠵᠤ ᠠᠬᠤᠶᠢᠯᠠᠯ ᠳᠤ | ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠤᠪᠢᠷᠠᠭᠤᠯᠬᠤ ᠥᠭᠡᠢ᠃ ᠡᠯ᠎ᠡ ᠰᠠᠯᠠᠭ᠎ᠠ | ᠮᠥᠴᠢᠷ ᠤᠳ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠵᠢᠴᠢ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ | ᠭᠦᠢᠴᠡᠳᠭᠡᠬᠦ ᠬᠡᠷᠡᠭᠲᠡᠶ᠃ | ᠬᠤᠶᠠᠳᠤᠭᠠᠷ ᠪᠦᠯᠦᠭ ᠮᠠᠭᠠᠳᠯᠠᠨ ᠲᠣᠭᠲᠠᠭᠠᠬᠤ ᠪᠠᠷᠢᠮᠵᠢᠶ᠎ᠠ | ᠲᠠᠪᠤᠳᠤᠭᠠᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢ | ᠦᠨᠡᠮᠰᠢᠬᠦ ᠳᠤ ᠳᠣᠣᠷᠠᠬᠢ ᠨᠥᠬᠦᠴᠡᠯ ᠢ ᠬᠠᠩᠭᠠᠬᠤ ᠬᠡᠷᠡᠭᠲᠡᠶ᠄ | ︵ᠨᠢᠭᠡ︶ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠨᠢ ᠲᠥᠪᠯᠡᠷᠡᠨ ᠵᠠᠯᠭᠠᠯᠳᠤᠭᠰᠠᠨ ᠪᠠᠶᠢᠵᠤ᠂ | ᠠᠵᠤ ᠠᠬᠤᠶᠢᠯᠠᠯ ᠤᠨ ᠬᠠᠷᠢᠶ᠎ᠠ ᠪᠥᠬᠦᠶ ᠬᠤᠰᠢᠭᠤ ᠰᠢᠶᠠᠨ ᠬᠤᠲᠠ ᠶᠢᠨ ᠲᠥᠯᠥᠪᠵᠢᠭᠦᠯᠭᠡ ︵ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠵᠡᠷᠭᠡ︶ ᠳᠤ ᠨᠡᠶᠢᠴᠡᠵᠦ᠂ ᠠᠮᠤᠷ | ᠲᠦᠪᠰᠢᠨ ᠤ ᠡᠵᠡᠮᠳᠡᠯ ᠤᠨ ᠱᠤᠭᠤᠮ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ | ᠲᠣᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ | ᠠᠮᠢ ᠠᠬᠤᠶ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠬᠠᠭᠤᠳᠠᠰᠤ ᠵᠡᠷᠭᠡ ᠱᠠᠭᠠᠷᠳᠠᠯᠭ᠎ᠠ ᠶᠢ ᠬᠠᠩᠭᠠᠨ᠎ᠠ | ᠃ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠨᠢ ᠰᠤᠩᠭᠠᠷᠢ ᠮᠥᠷᠡᠨ᠂ ᠯᠢᠶᠣᠤ ᠾᠧ ᠭᠤᠤᠯ ᠤᠨ ᠭᠤᠤᠯ | ᠤᠷᠤᠰᠬᠠᠯ ᠵᠢᠴᠢ ᠲᠡᠭᠦᠨ ᠤ ᠭᠤᠤᠯ ᠰᠠᠯᠪᠤᠷᠢ ᠤᠷᠤᠰᠬᠠᠯ ᠤᠨ ᠭᠤᠤᠯ ᠨᠠᠭᠤᠷ ᠴᠥᠭᠦᠷᠥᠮ ᠤᠨ ᠬᠠᠮᠢᠶᠠᠷᠤᠯᠲᠠ ᠶᠢᠨ | ᠬᠡᠪᠴᠢᠶᠡᠨ ᠳᠠᠬᠢ ᠬᠢᠯᠢ ᠶᠢᠨ ᠭᠠᠳᠠᠨᠠᠬᠢ ᠵᠠᠶ ᠨᠢ 1000 ᠮᠧᠲᠷ ᠠᠴᠠ ᠶᠡᠭᠡ ᠪᠠᠶᠢᠳᠠᠭ᠃ | ︵ᠬᠤᠶᠠᠷ︶ ᠠᠵᠤ ᠠᠬᠤᠶᠢᠯᠠᠯ ᠤᠨ ᠦᠢᠯᠡᠳᠭᠦᠨ᠂ ᠭᠠᠷ ᠤᠷᠠᠯᠠᠯ ᠤᠨ ᠮᠡᠷᠭᠡᠵᠢᠯ ᠤᠨ ᠲᠣᠨᠤᠭ | ᠲᠥᠬᠦᠭᠡᠷᠦᠮᠵᠢ ᠪᠠ ᠦᠢᠯᠡᠳᠪᠦᠷᠢᠯᠡᠯ ᠤᠨ ᠬᠡᠪᠴᠢᠶ᠎ᠡ ᠨᠢ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ︽ᠠᠵᠤ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ ︵2024 ᠣᠨ ᠤ ᠳᠡᠪᠲᠡᠷ︶︾᠂ | ︽ᠪᠠᠷᠠᠭᠤᠨ ᠬᠡᠰᠡᠭ ᠤᠨ ᠭᠠᠵᠠᠷ ᠣᠷᠣᠨ ᠤ ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠭᠠᠷᠴᠠᠭ ︵ | 2020 ᠣᠨ ᠤ ᠳᠡᠪᠲᠡᠷ︶︾ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ | ᠬᠤᠯᠪᠣᠭᠳᠠᠯ ᠪᠥᠬᠦᠶ ᠠᠵᠤ ᠣᠶᠢᠯᠡᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠶ᠃ | ︵ᠭᠤᠷᠪᠠ︶ ᠠᠵᠤ ᠠᠬᠤᠶᠢᠯᠠᠯ ᠤᠨ ᠦᠢᠯᠡᠳᠪᠦᠷᠢᠯᠡᠬᠦ᠂ ᠬᠠᠳᠠᠭᠠᠯᠠᠬᠤ ᠲᠣᠨᠤᠭ ᠲᠥᠬᠦᠭᠡᠷᠦᠮᠵᠢ ᠬᠢᠭᠡᠳ | ᠡᠷᠬᠢᠨ ᠲᠣᠭᠤᠷᠢᠨ ᠤ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠰᠠᠭᠤᠭᠠᠯᠢ ᠠᠷᠠᠳ ᠤᠨ ᠲᠥᠪᠯᠡᠷᠡᠭᠰᠡᠨ ᠲᠣᠭᠤᠷᠢᠭ | ᠵᠡᠷᠭᠡ ᠰᠡᠷᠭᠡᠭ ᠴᠡᠭ ᠤᠨ ᠬᠤᠭᠤᠷᠣᠨᠳᠣᠬᠢ ᠵᠠᠶ ᠨᠢ ᠭᠠᠳᠠᠷ ᠲᠠᠯ᠎ᠠ ᠶᠢᠨ ᠠᠮᠤᠷ ᠲᠦᠪᠰᠢᠨ ᠵᠡᠷᠭᠡ ᠬᠤᠯᠪᠣᠭᠳᠠᠯ | ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ︵ᠳᠥᠷᠪᠡ︶ ᠰᠠᠭᠤᠷᠢ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠤᠨ | ᠲᠦᠷᠦᠭᠦᠤ ᠵᠢᠯ ᠤᠨ ᠪᠤᠶᠤ ᠣᠶᠢᠷ᠎ᠠ ᠶᠢᠨ ᠭᠤᠷᠪᠠᠨ ᠵᠢᠯ ᠤᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ | ᠳᠤᠮᠳᠠᠴᠢ ᠣᠷᠣᠯᠭ᠎ᠠ ᠨᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠵᠤ᠂ ᠭᠠᠶᠢᠯᠢ ᠲᠠᠲᠠᠪᠤᠷᠢ ᠶᠢᠨ ᠬᠤᠪᠢ | ᠨᠡᠮᠡᠷᠢ ᠶᠢ 2500 ᠲᠦᠮᠡᠨ ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ᠃ ᠨᠠᠷᠢᠯᠢᠭ ᠬᠢᠮᠢ ᠶᠢᠨ ᠠᠵᠤ | ᠦᠢᠯᠡᠳᠪᠦᠷᠢ ᠪᠠ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠤᠨ | ᠲᠦᠷᠦᠭᠦᠤ ᠵᠢᠯ ᠤᠨ ᠪᠤᠶᠤ ᠣᠶᠢᠷ᠎ᠠ ᠶᠢᠨ ᠭᠤᠷᠪᠠᠨ ᠵᠢᠯ ᠤᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ | ᠳᠤᠮᠳᠠᠴᠢ ᠣᠷᠣᠯᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢ ᠪᠠᠶᠢᠵᠤ᠂ ᠭᠠᠶᠢᠯᠢ ᠲᠠᠲᠠᠪᠤᠷᠢ ᠶᠢᠨ ᠬᠤᠪᠢ | ᠨᠡᠮᠡᠷᠢ ᠨᠢ 500 ᠲᠦᠮᠡᠨ ᠲᠥᠭᠦᠷᠢᠭ ᠠᠴᠠ ᠳᠣᠤᠷ᠎ᠠ ᠪᠠᠶᠢᠵᠤ ᠪᠣᠯᠬᠤ ᠥᠬᠡᠶ᠃ | ︵ᠲᠠᠪᠤ︶ ᠠᠵᠤ ᠠᠬᠤᠶᠢᠯᠠᠯ ᠨᠢ ᠲᠣᠰ ᠵᠢᠯ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠫᠠᠶᠢᠰᠠ | ᠡᠯᠭᠦᠨ ᠰᠢᠮᠳᠠᠭᠤᠯᠤᠨ ᠭᠦᠢᠴᠡᠳᠭᠡᠬᠦ ᠶᠢ ᠣᠯᠤᠭᠰᠠᠨ ᠥᠬᠡᠶ᠂ ᠠᠮᠤᠷ ᠲᠦᠪᠰᠢᠨ᠂ ᠣᠷᠴᠢᠨ ᠲᠣᠭᠤᠷᠢᠨ ᠤ | ᠬᠠᠮᠠᠭᠠᠯᠠᠯᠲᠠ᠂ ᠭᠠᠯ ᠤᠨᠲᠠᠷᠠᠭᠠᠬᠤ ᠵᠡᠷᠭᠡ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ | ᠪᠡᠶᠡᠯᠡᠭᠦᠯᠦᠭᠡᠳᠦᠶ ᠵᠦᠢᠯᠡᠰ ᠣᠷᠣᠰᠢᠬᠤ ᠥᠬᠡᠶ᠃ ᠤᠢᠢᠷ᠎ᠠ ᠶᠢᠨ ᠭᠤᠷᠪᠠᠨ ᠵᠢᠯ ᠳᠤ ᠨᠡᠯᠢᠶᠡᠳ ᠶᠡᠭᠡ ᠪᠤᠶᠤ | ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ᠂ ᠣᠷᠴᠢᠨ ᠠᠬᠤᠶ ᠶᠢᠨ ᠭᠡᠨᠡᠳᠲᠡ ᠶᠢᠨ | ᠬᠡᠷᠡᠭ ᠭᠠᠷᠤᠭᠰᠠᠨ ᠦᠭᠡᠢ᠃ ᠭᠠᠵᠠᠷ ᠰᠢᠷᠣᠶ ᠶᠢ ᠬᠠᠤᠯᠢ ᠪᠤᠰᠤ ᠪᠠᠷ ᠬᠡᠷᠡᠭᠯᠡᠬᠦ᠂ ᠬᠠᠤᠯᠢ ᠪᠤᠰᠤ ᠪᠠᠷ ᠤᠰᠤ ᠲᠠᠲᠠᠬᠤ | ᠠᠰᠠᠭᠤᠳᠠᠯ ᠣᠷᠣᠰᠢᠬᠤ ᠥᠬᠡᠶ᠃ | ︵ᠵᠢᠷᠭᠤᠭ᠎ᠠ︶ ᠠᠵᠤ ᠠᠬᠤᠶᠢᠯᠠᠯ ᠨᠢ ᠪᠦᠷᠢᠨ ᠲᠡᠭᠦᠯᠳᠡᠷ ᠠᠮᠤᠷ ᠲᠦᠪᠰᠢᠨ ᠤ ᠪᠡᠯᠡᠳᠬᠡᠮᠵᠢ ᠲᠠᠢ ᠪᠠᠶᠢᠵᠤ᠂ | ᠪᠦᠷᠢᠨ ᠲᠡᠭᠦᠯᠳᠡᠷ ᠠᠮᠤᠷ ᠲᠦᠪᠰᠢᠨ ᠤ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠲᠠᠢ ᠪᠠᠶᠢᠵᠤ᠂ ᠪᠣᠶ ᠪᠥᠬᠦᠶ | ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠬᠠᠮᠤᠷᠤᠭᠰᠠᠨ ᠪᠠᠶᠢᠬᠤ ᠬᠡᠷᠡᠭᠲᠡᠶ᠃ ᠠᠵᠤ ᠠᠬᠤᠶᠢᠯᠠᠯ ᠨᠢ ᠠᠶᠤᠯ | ᠥᠬᠡᠶ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠬᠤ ᠬᠠᠮᠢᠶᠠᠷᠤᠯᠲᠠ ᠶᠢᠨ ᠠᠵᠢᠯᠲᠠᠨ ᠪᠠ ᠠᠶᠤᠯ ᠥᠬᠡᠶ | ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠭᠠᠯ | ᠤᠨᠲᠠᠷᠠᠭᠠᠬᠤ ᠲᠦᠬᠦᠭᠡᠷᠣᠮᠵᠢ ᠵᠢᠴᠢ ᠠᠵᠢᠯᠲᠠᠨ ᠢ ᠳᠣᠭᠢᠷᠠᠭᠤᠯᠵᠤ᠂ ᠠᠶᠤᠯ ᠥᠬᠡᠶ᠂ ᠪᠠᠴᠢᠮ ᠪᠠᠶᠢᠳᠠᠯ ᠢ | ᠠᠷᠭᠠᠴᠠᠭᠠᠬᠤ ᠵᠡᠷᠭᠡ ᠪᠦᠲᠦᠮᠵᠢᠲᠡᠶ ᠬᠠᠮᠢᠶᠠᠷᠤᠯᠲᠠ ᠶᠢᠨ ᠴᠢᠳᠠᠪᠤᠷᠢ ᠶᠢ ᠪᠦᠷᠢᠳᠦᠭᠦᠯᠦᠨ᠎ᠡ᠃ | ︵ᠳᠣᠯᠤᠭ᠎ᠠ︶ ᠠᠵᠤ ᠠᠬᠤᠶᠢᠯᠠᠯ ᠤᠳ ᠪᠣᠬᠢᠷᠲᠤᠯ ᠢ ᠰᠡᠷᠭᠡᠶᠢᠯᠡᠨ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠭᠤᠷᠪᠠ ᠶᠢ | ᠬᠠᠮᠲᠤ ᠳᠤᠨᠢ ᠬᠢᠬᠦ︾ ᠲᠦᠷᠢᠮ ᠢ ᠨᠠᠶᠢᠳᠠᠪᠤᠷᠢᠵᠢᠭᠤᠯᠤᠨ᠂ ᠬᠠᠶᠠᠭᠳᠠᠮᠠᠯ ᠤᠰᠤ᠂ ᠬᠠᠶᠠᠭᠳᠠᠮᠠᠯ ᠬᠡᠶ ᠵᠡᠷᠭᠡ ᠶᠢ | ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠳ ᠱᠠᠭᠠᠷᠳᠠᠯᠭ᠎ᠠ | ᠶᠣᠰᠣᠭᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠵᠢᠴᠢ | ᠲᠠᠪᠴᠠᠩ ᠢ ᠪᠠᠶᠢᠷᠢᠯᠠᠭᠤᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠥᠪᠡᠷᠲᠡᠭᠡᠨ ᠬᠢᠨᠠᠨ ᠬᠡᠮᠵᠢᠬᠦ ᠶᠢ ᠥᠷᠨᠢᠭᠦᠯᠬᠦ | ᠬᠡᠷᠡᠭᠲᠡᠶ᠃ ᠠᠶᠤᠯᠲᠠᠶ ᠬᠠᠶᠠᠭᠳᠠᠮᠠᠯ ᠪᠣᠳᠠᠰ ᠢ ᠴᠥᠮ ᠵᠢᠷᠤᠮᠵᠢᠭᠤᠯᠤᠨ ᠰᠢᠢᠳᠪᠦᠷᠢᠯᠡᠬᠦ ᠶᠢ ᠪᠡᠶᠡᠯᠡᠭᠦᠯᠪᠡ᠃ | ︵ᠨᠠᠢᠮᠠ︶ ᠠᠵᠤ ᠠᠬᠤᠶᠢᠯᠠᠯ ᠤᠳ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠱᠠᠭᠠᠷᠳᠠᠯᠭ᠎ᠠ ᠶᠣᠰᠣᠭᠠᠷ ᠣᠨᠴᠠᠭᠠᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠬᠤ᠂ ᠰᠢᠯᠭᠠᠨ ᠠᠪᠬᠤ ᠭᠠᠷᠳᠠᠮ ᠪᠤᠶᠤ ᠪᠤᠰᠤᠳ ᠪᠥᠳᠥᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠲᠠᠷᠠᠭᠠᠬᠤ ᠶᠢ ᠳᠠᠩᠰᠠᠯᠠᠵᠤ ᠰᠤᠭᠤᠴᠠᠨ ᠪᠠᠶᠢᠴᠠᠭᠠᠬᠤ ᠶᠢ ᠭᠦᠢᠴᠡᠳᠬᠡᠨ᠎ᠡ᠃ ᠠᠵᠤ | ᠠᠬᠤᠶᠢᠯᠠᠯ ᠤᠨ ᠲᠥᠷᠥᠯ ᠵᠦᠢᠯ ᠤᠨ ᠰᠡᠳᠦᠪ ᠲᠣᠭᠲᠠᠭᠠᠬᠤ᠂ ᠴᠢᠳᠠᠪᠤᠷᠢ ᠶᠢ ᠦᠨᠡᠯᠡᠬᠦ᠂ ᠠᠶᠤᠯᠬᠦᠢ ᠦᠢᠯᠡᠳᠪᠦᠷᠢᠯᠡᠯ | ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠵᠠᠷ ᠬᠡᠷᠡᠭᠯᠡᠬᠦ᠂ ᠲᠥᠯᠥᠪᠵᠢᠭᠦᠯᠭᠡ ᠬᠢᠬᠦ᠂ ᠪᠠᠷᠢᠯᠭ᠎ᠠ ᠪᠠᠷᠢᠬᠤ᠂ ᠭᠠᠯ | ᠤᠨᠲᠠᠷᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠭᠠᠷᠳᠠᠮ ᠨᠢ ᠪᠦᠷᠢᠨ ᠬᠦᠢᠴᠡᠳ ᠪᠥᠭᠡᠳ ᠬᠦᠴᠦᠨ ᠲᠠᠢ ᠪᠠᠶᠢᠬᠤ | ᠬᠡᠷᠡᠭᠲᠡᠶ᠃ | ᠭᠤᠷᠪᠠᠳᠤᠭᠠᠷ ᠪᠦᠯᠦᠭ ᠮᠠᠭᠠᠳᠯᠠᠨ ᠲᠣᠭᠲᠠᠭᠠᠬᠤ ᠵᠢᠷᠤᠮ | ᠵᠢᠷᠭᠤᠳᠤᠭᠠᠷ ᠵᠦᠢᠯ ᠠᠵᠤ ᠠᠬᠤᠶᠢᠯᠠᠯ ᠤᠨ ᠭᠤᠶᠤᠴᠢᠯᠠᠯ᠃ ᠮᠡᠳᠡᠭᠦᠯᠬᠦ ᠪᠠᠷ ᠪᠠᠶᠢᠭ᠎ᠠ ᠠᠵᠤ ᠠᠬᠤᠶᠢᠯᠠᠯ ᠨᠢ | ᠪᠠᠶᠢᠭ᠎ᠠ ᠬᠤᠰᠢᠭᠤ ᠰᠢᠶᠠᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ᠬᠢᠮᠢ ᠶᠢᠨ ᠠᠵᠤ ᠦᠢᠯᠡᠳᠪᠦᠷᠢ ᠶᠢᠨ | ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠲᠤ ᠮᠡᠳᠡᠭᠦᠯᠦᠭᠰᠡᠨ ᠢ ᠦᠨᠡᠮᠰᠢᠬᠦ ᠮᠠᠲ᠋ᠧᠷᠢᠶᠠᠯ ᠳᠤ ᠭᠤᠤᠯᠳᠠᠭᠤ᠄ | ︵ᠨᠢᠭᠡ︶ ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ | ᠴᠡᠭ ᠢ ᠦᠨᠡᠮᠰᠢᠭᠦᠯᠬᠦ ᠭᠤᠶᠤᠴᠢᠯᠠᠯ ᠤᠨ ᠬᠦᠰᠦᠨᠦᠭᠲᠦ᠃ | ︵ᠬᠤᠶᠠᠷ︶ ᠬᠢᠩᠭᠠᠨ ᠠᠶᠢᠮᠠᠭ ᠤᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ | ᠡᠵᠡᠮᠳᠡᠬᠦ ᠴᠡᠭ ᠤᠨ ᠭᠤᠶᠤᠴᠢᠯᠠᠬᠤ ᠮᠡᠳᠡᠭᠦᠯᠦᠯᠲᠡ ᠶᠢᠨ ᠪᠢᠴᠢᠭ᠃ | ︵ᠭᠤᠷᠪᠠ︶ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ᠃ | ︵ᠲᠦᠷᠪᠡ︶ ᠬᠠᠩᠭᠠᠬᠤ ᠴᠢᠬᠤᠯᠠᠲᠠᠶ ᠪᠤᠰᠤᠳ ᠮᠠᠲ᠋ᠧᠷᠢᠶᠠᠯ᠃ | ᠳᠣᠯᠣᠳᠤᠭᠠᠷ ᠵᠦᠢᠯ ᠬᠠᠷᠢᠶ᠎ᠠ ᠣᠷᠣᠨ ᠳᠤᠨᠢ ᠬᠢᠨᠠᠨ ᠬᠠᠷᠭᠤᠭᠤᠯᠬᠤ᠃ ᠬᠠᠷᠢᠶ᠎ᠠ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠭᠤᠶᠤᠴᠢᠯᠠᠯ ᠢ | ᠣᠯᠤᠭᠰᠠᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ | ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ | ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠯ ᠤᠨᠲᠠᠷᠠᠭᠠᠵᠤ ᠠᠪᠤᠷᠠᠨ | ᠲᠤᠰᠠᠯᠠᠬᠤ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠤᠨ ᠭᠤᠶᠤᠴᠢᠯᠠᠭᠰᠠᠨ | ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ ᠦᠨᠡᠮᠰᠢᠬᠦ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠢ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ | ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠠᠶᠢᠮᠠᠭ | ᠵᠠᠬᠢᠷᠭ᠎ᠠ ᠪᠤᠶᠤ ᠡᠷᠬᠡ ᠣᠯᠭᠤᠭᠰᠠᠨ ᠪᠠᠶᠢᠭᠤᠯᠤᠮᠵᠢ ᠳᠤ ᠮᠡᠳᠡᠭᠦᠯᠦᠨ ᠬᠦᠷᠭᠡᠬᠦ ᠬᠡᠷᠡᠭᠲᠡᠶ᠃ | ᠨᠠᠢᠮᠠᠳᠤᠭᠠᠷ ᠵᠦᠢᠯ ᠠᠶᠢᠮᠠᠭ ᠤᠨ ᠱᠠᠲᠤᠨ ᠤ ᠬᠢᠨᠠᠨ ᠬᠠᠷᠭᠤᠭᠤᠯᠬᠤ᠃ ᠬᠤᠰᠢᠭᠤ ᠰᠢᠶᠠᠨ ᠬᠤᠲᠠ ᠶᠢᠨ | ᠵᠠᠰᠠᠭ ᠤᠨ ᠣᠷᠳᠣᠨ ᠤ ᠮᠡᠳᠡᠭᠦᠯᠦᠨ ᠬᠦᠷᠭᠡᠭᠰᠡᠨ ᠦᠨᠡᠮᠰᠢᠬᠦ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ | ᠡᠷᠬᠡ ᠣᠯᠭᠤᠭᠰᠠᠨ ᠪᠠᠶᠢᠭᠤᠯᠤᠮᠵᠢ ᠨᠢ ᠠᠶᠢᠮᠠᠭ ᠤᠨ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ | ᠠᠮᠢ ᠠᠬᠤᠶ ᠶᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ︵ᠡᠷᠬᠡ ᠮᠡᠳᠡᠯ ᠤᠨ | ᠬᠡᠪᠴᠢᠶ᠎ᠡ ᠪᠠᠷ ᠢᠶᠠᠨ ᠬᠠᠷᠢᠶ᠎ᠠ ᠭᠠᠵᠠᠷ ᠢ ᠵᠣᠬᠢᠴᠠᠭᠤᠯᠬᠤ︶᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠵᠤ ᠠᠬᠤᠶᠢᠯᠠᠯ ᠤᠨ ᠮᠡᠳᠡᠭᠦᠯᠦᠭᠰᠡᠨ | ᠮᠠᠲ᠋ᠧᠷᠢᠶᠠᠯ ᠢ ᠳᠠᠬᠢᠨ ᠬᠢᠨᠠᠬᠤ ᠪᠤᠶᠤ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠨ᠎ᠠ᠃ 5 ᠠᠵᠢᠯᠯᠠᠬᠤ | ᠡᠳᠦᠷ ᠤᠨ ᠳᠣᠲᠣᠷ᠎ᠠ ᠮᠡᠳᠡᠭᠦᠯᠬᠦ ᠮᠠᠲ᠋ᠧᠷᠢᠶᠠᠯ ᠳᠤ ᠡᠴᠦᠰ ᠤᠨ ᠬᠢᠨᠠᠨ ᠬᠠᠷᠭᠤᠭᠤᠯᠤᠭᠰᠠᠨ ᠰᠠᠨᠠᠯ ᠵᠢᠴᠢ ᠬᠤᠪᠢ | ᠲᠣᠭᠲᠠᠭᠠᠭᠰᠠᠨ ᠦᠷ᠎ᠡ ᠳ᠋ᠦᠩ ᠢ ᠭᠠᠷᠭᠠᠨ ᠥᠭᠴᠦ᠂ ᠡᠷᠬᠡ ᠣᠯᠭᠤᠭᠰᠠᠨ ᠪᠠᠶᠢᠭᠤᠯᠤᠮᠵᠢ ᠳᠤ ᠲᠤᠰᠢᠶᠠᠨ ᠥᠭᠴᠦ | ᠶᠡᠷᠦᠩᠬᠡᠶᠢᠯᠡᠨ ᠬᠢᠨᠠᠨ ᠬᠠᠷᠭᠤᠭᠤᠯᠤᠭᠰᠠᠨ ᠰᠠᠨᠠᠯ ᠵᠢᠴᠢ ᠡᠴᠦᠰ ᠤᠨ ᠬᠤᠪᠢ ᠲᠣᠭᠲᠠᠭᠠᠭᠰᠠᠨ ᠦᠷ᠎ᠡ ᠳ᠋ᠦᠩ ᠢ ᠪᠣᠶ | ᠪᠣᠯᠭᠠᠵᠤ᠂ ᠮᠠᠭᠠᠳᠯᠠᠨ ᠲᠣᠭᠲᠠᠭᠠᠬᠤ ᠪᠠᠷ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ | ᠡᠵᠡᠮᠳᠡᠬᠦ ᠴᠡᠭ ᠤᠨ ᠠᠵᠤ ᠠᠬᠤᠶᠢᠯᠠᠯ ᠤᠨ ᠨᠡᠷᠡᠰ ᠢ ᠲᠣᠭᠲᠠᠭᠠᠬᠤ ᠶᠢᠨ ᠬᠠᠮᠲᠤ ᠡᠷᠬᠡ ᠣᠯᠭᠤᠭᠰᠠᠨ | ᠪᠠᠶᠢᠭᠤᠯᠤᠮᠵᠢ ᠶᠢᠨ ᠰᠦᠯᠵᠢᠶᠡᠨ ᠥᠷᠲᠡᠭᠡ ᠳᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ | ᠪᠣᠯᠤᠨ᠎ᠠ᠃ ᠵᠠᠷᠯᠠᠨ ᠨᠡᠶᠢᠲᠡᠯᠡᠬᠦ ᠳᠤ ᠣᠨᠳᠣᠤ ᠰᠠᠨᠠᠯ ᠥᠬᠡᠶ ᠪᠣᠯ᠂ ᠠᠶᠢᠮᠠᠭ ᠵᠠᠬᠢᠷᠭ᠎ᠠ ᠳᠤ ᠮᠡᠳᠡᠭᠦᠯᠵᠦ ᠰᠤᠳᠤᠯᠤᠨ | ᠬᠢᠨᠠᠨ ᠲᠣᠭᠲᠠᠭᠠᠯᠭᠠᠬᠤ ᠶᠢᠨ ᠬᠠᠮᠲᠤ ᠨᠡᠶᠢᠲᠡᠯᠡᠨ᠎ᠡ᠃ | ᠶᠢᠰᠦᠳᠦᠭᠡᠷ ᠵᠦᠢᠯ ᠨᠢᠭᠡᠨᠲᠡ ᠨᠢᠭᠡ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ | ᠲᠥᠪᠯᠡᠷᠡᠭᠰᠡᠨ ᠲᠣᠭᠤᠷᠢᠭ︶ ᠲᠠᠢ ᠭᠡᠵᠦ ᠦᠨᠡᠮᠰᠢᠭᠰᠡᠨ ᠬᠤᠰᠢᠭᠤ ᠰᠢᠶᠠᠨ ᠬᠤᠲᠠ ᠶᠢᠨ ᠬᠠᠷᠢᠶ᠎ᠠ ᠣᠷᠣᠨ ᠤ | ᠳᠣᠲᠣᠷᠠᠬᠢ ᠠᠵᠤ ᠠᠬᠤᠶᠢᠯᠠᠯ ᠨᠢ ᠵᠠᠷᠴᠢᠮ ᠳᠡᠭᠡᠷ᠎ᠡ ᠪᠠᠨ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ | ᠬᠢᠨᠠᠨ ᠡᠵᠡᠮᠳᠡᠬᠦ ᠴᠡᠭ ᠢᠶᠠᠷ ᠦᠨᠡᠮᠰᠢᠭᠦᠯᠬᠦ ᠪᠠᠷ ᠭᠤᠶᠤᠴᠢᠯᠠᠬᠤ ᠥᠬᠡᠶ᠃ ᠲᠣᠰ ᠨᠠᠷᠢᠨ ᠲᠦᠷᠢᠮ ᠢ ᠨᠡᠶᠢᠲᠡᠯᠡᠭᠰᠡᠨ ᠤ | ᠳᠠᠷᠠᠭ᠎ᠠ ᠰᠢᠨ᠎ᠡ ᠪᠠᠷ ᠮᠠᠭᠠᠳᠯᠠᠨ ᠲᠣᠭᠲᠠᠭᠠᠭᠰᠠᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ | ᠲᠥᠪᠯᠡᠷᠡᠭᠰᠡᠨ ᠲᠣᠭᠤᠷᠢᠭ︶ ᠤᠨ ᠳᠣᠲᠣᠷ᠎ᠠ ᠬᠡᠷᠪᠡ ᠲᠣᠰ ᠠᠷᠭ᠎ᠠ ᠶᠢ ᠦᠨᠳᠦᠰᠦᠯᠡᠨ ᠮᠠᠭᠠᠳᠯᠠᠨ ᠲᠣᠭᠲᠠᠭᠠᠭᠰᠠᠨ | ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠠᠵᠤ ᠠᠬᠤᠶᠢᠯᠠᠯ ᠨᠢ ᠬᠢᠮᠢ ᠶᠢᠨ | ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢ ᠠᠶᠠᠨᠳᠠᠭᠠᠨ ᠬᠦᠴᠦᠨ ᠥᠬᠡᠶ ᠪᠣᠯᠭᠠᠵᠤ᠂ | ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ ᠤᠨ ᠳᠣᠲᠣᠷᠠᠬᠢ | ᠠᠵᠤ ᠠᠬᠤᠶᠢᠯᠠᠯ ᠢᠶᠠᠷ ᠬᠠᠮᠢᠶᠠᠷᠤᠯᠲᠠ ᠬᠢᠨ᠎ᠠ᠃ | ᠳᠥᠷᠪᠡᠳᠦᠭᠡᠷ ᠪᠦᠯᠦᠭ ᠦᠷ᠎ᠡ ᠳ᠋ᠦᠩ ᠢ ᠬᠡᠷᠡᠭᠯᠡᠬᠦ | ᠠᠷᠪᠠᠳᠤᠭᠠᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠢᠶᠠᠷ | ᠨᠢᠭᠡᠨᠲᠡ ᠦᠨᠡᠮᠰᠢᠭᠰᠡᠨ ᠠᠵᠤ ᠠᠬᠤᠶᠢᠯᠠᠯ ᠨᠢ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠪᠥᠲᠥᠭᠡᠨ ᠪᠠᠶᠢᠭᠤᠯᠬᠤ ᠪᠠ | ᠬᠠᠮᠢᠶᠠᠷᠬᠤ ᠲᠠᠯ᠎ᠠ ᠪᠠᠷ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ | ᠤᠨ ᠳᠣᠲᠣᠷᠠᠬᠢ ᠠᠵᠤ ᠠᠬᠤᠶᠢᠯᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠶ᠃ ᠠᠵᠤ ᠠᠬᠤᠶᠢᠯᠠᠯ ᠨᠢ | ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠬᠠᠤᠯᠢ ᠲᠣᠭᠲᠠᠭᠠᠯ ᠶᠣᠰᠣᠭᠠᠷ ᠦᠢᠯᠡᠳᠪᠦᠷᠢ ᠶᠢᠨ ᠲᠣᠭᠤᠷᠢᠭ ᠤᠨ | ᠳᠣᠲᠣᠷ᠎ᠠ ᠪᠤᠶᠤ ᠬᠥᠷᠰᠢ ᠵᠡᠷᠭᠡᠯᠡᠳᠡᠭᠡ ᠦᠢᠯᠡᠳᠪᠦᠷᠢ ᠶᠢᠨ ᠲᠣᠭᠤᠷᠢᠭ ᠲᠤ ᠣᠲᠣ ᠶᠢᠨ ᠪᠠᠶᠢᠭ᠎ᠠ ᠲᠣᠨᠤᠭ | ᠲᠥᠬᠦᠭᠡᠷᠦᠮᠵᠢ ᠶᠢᠨ ᠠᠳᠠᠯᠢ ᠲᠥᠷᠥᠯ ᠤᠨ ᠣᠶᠢᠯᠡᠳᠬᠦᠨ᠂ ᠠᠵᠤ ᠣᠶᠢᠯᠡᠰ ᠤᠨ ᠬᠡᠯᠬᠢᠶᠡᠰᠦ ᠶᠢ ᠤᠷᠲᠤᠳᠬᠠᠨ | ᠬᠡᠯᠬᠢᠶᠡᠰᠦ ᠶᠢ ᠨᠥᠬᠦᠪᠥᠷᠢᠯᠡᠬᠦ᠂ ᠣᠷᠴᠢᠯ ᠠᠵᠤ ᠠᠬᠤᠶ ᠶᠢ ᠠᠰᠢᠭᠯᠠᠬᠤ᠂ ᠠᠮᠤᠷ ᠲᠦᠪᠰᠢᠨ ᠣᠷᠴᠢᠨ ᠲᠣᠭᠤᠷᠢᠨ ᠢ | ᠬᠠᠮᠠᠭᠠᠯᠠᠵᠤ ᠡᠨᠧᠷᠭᠢ ᠠᠷᠪᠢᠯᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ | ᠥᠷᠭᠡᠳᠬᠡᠨ ᠪᠠᠶᠢᠭᠤᠯᠵᠤ ᠪᠣᠯᠤᠨ᠎ᠠ᠂ ᠭᠡᠪᠡᠴᠦ ᠵᠠᠷᠴᠢᠮ ᠳᠡᠭᠡᠷ᠎ᠡ ᠪᠠᠨ ᠳᠡᠭᠡᠳᠦ ᠤᠷᠤᠰᠬᠠᠯ ᠤᠨ ᠠᠵᠤ ᠣᠶᠢᠯᠡᠰ ᠢ | ᠰᠢᠨ᠎ᠡ ᠪᠠᠷ ᠪᠠᠶᠢᠭᠤᠯᠵᠤ ᠪᠣᠯᠬᠤ ᠥᠬᠡᠶ᠃ ᠠᠵᠤ ᠠᠬᠤᠶᠢᠯᠠᠯ ᠤᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠣᠲᠣ ᠶᠢᠨ ᠪᠠᠶᠢᠭ᠎ᠠ ᠰᠠᠭᠤᠷᠢᠨ ᠳᠡᠭᠡᠷ᠎ᠡ ᠳᠠᠭᠢᠵᠤ ᠨᠡᠮᠡᠭᠳᠡᠭᠦᠯᠬᠦ ᠥᠬᠡᠶ᠂ ᠦᠨᠡᠨᠬᠦ ᠰᠢᠨ᠎ᠡ ᠪᠠᠷ ᠨᠡᠮᠡᠭᠳᠡᠭᠦᠯᠬᠦ | ᠴᠢᠬᠤᠯᠠ ᠲᠠᠢ ᠪᠣᠯ ᠱᠠᠭᠠᠷᠳᠠᠯᠭ᠎ᠠ ᠶᠣᠰᠣᠭᠠᠷ ᠬᠢᠩᠭᠠᠨ ᠠᠶᠢᠮᠠᠭ ᠲᠤ ᠭᠤᠤᠯ ᠪᠣᠯᠬᠤ ᠪᠣᠬᠢᠷ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢᠨ ᠠᠳᠠᠯᠢ ᠬᠡᠮᠵᠢᠶ᠎ᠡ ᠪᠤᠶᠤ ᠳᠠᠬᠢᠨ ᠬᠡᠮᠵᠢᠶ᠎ᠡ ᠪᠠᠷ ᠣᠷᠣᠯᠠᠭᠤᠯᠬᠤ ᠶᠢ | ᠶᠠᠪᠤᠭᠳᠠᠭᠤᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠯ ᠤᠨ ᠲᠣᠭᠤᠷᠢᠭ︶ | ᠠᠴᠠ ᠭᠠᠳᠠᠨ᠎ᠠ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠢᠶᠠᠷ ᠦᠨᠡᠮᠰᠢᠭᠰᠡᠨ | ᠦᠬᠡᠢ ᠠᠵᠤ ᠠᠬᠤᠶᠢᠯᠠᠯ ᠤᠨ ᠣᠳᠣᠬᠢ ᠪᠠᠶᠢᠳᠠᠯ ᠢᠶᠠᠨ ᠪᠠᠷᠢᠮᠲᠠᠯᠠᠨ᠂ ᠥᠭᠡᠷᠡᠴᠢᠯᠡᠵᠦ ᠥᠷᠭᠡᠳᠬᠡᠨ ᠪᠠᠶᠢᠭᠤᠯᠵᠤ | ᠪᠣᠯᠬᠤ ᠦᠬᠡᠢ ︵ᠠᠶᠤᠯ ᠦᠬᠡᠢ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠬᠢ ᠠᠷᠪᠢᠯᠠᠬᠤ ᠪᠠ | ᠤᠶᠤᠨᠴᠢᠯᠠᠬᠰᠠᠨ ᠥᠭᠡᠷᠡᠴᠢᠯᠡᠯᠲᠡ ᠶᠢᠨ ᠳᠦᠷᠦᠯ ᠵᠦᠢᠯ ᠪᠠᠭᠲᠠᠬᠤ ᠦᠬᠡᠢ︶ ᠪᠥᠭᠡᠳ ᠲᠡᠭᠦᠨ ᠢ ᠢᠳᠡᠪᠬᠢᠲᠡᠶ ᠪᠠᠷ | ᠬᠥᠲᠥᠯᠥᠨ ᠵᠢᠯᠣᠭᠤᠳᠴᠤ ᠪᠠᠶᠢᠭᠠᠳ ᠦᠨᠡᠮᠰᠢᠭᠰᠡᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ | ᠲᠥᠪᠯᠡᠷᠡᠯ ᠲᠣᠭᠤᠷᠢᠭ︶ ᠲᠤ ᠨᠡᠭᠦᠯᠭᠡᠨ᠎ᠡ᠃ | ᠠᠷᠪᠠᠨ ᠨᠢᠭᠡᠳᠦᠭᠡᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ | ᠴᠡᠭ ᠢᠶᠠᠷ ᠦᠨᠡᠮᠰᠢᠭᠰᠡᠨ ᠠᠵᠤ ᠠᠬᠤᠶᠢᠯᠠᠯ ᠢ ᠲᠡᠭᠦᠨ ᠤ ᠬᠤᠪᠢ ᠡᠵᠡᠮᠳᠡᠬᠦ ᠶᠢᠨ ᠬᠠᠮᠲᠤ ᠬᠢᠮᠢ ᠶᠢᠨ ᠠᠵᠤ | ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠦᠶ᠋ᠯᠡᠳᠪᠦᠷᠢᠯᠡᠯ ᠤᠨ ᠲᠠᠯᠠᠪᠤᠷ ᠯᠤᠭ᠎ᠠ | ᠵᠠᠯᠭᠠᠯᠳᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠨᠢ ᠦᠨᠡᠮᠰᠢᠬᠦ ᠪᠠᠷᠢᠮᠵᠢᠶ᠎ᠠ | ᠵᠢᠴᠢ ᠪᠤᠰᠤᠳ ᠬᠠᠮᠢᠶ᠎ᠠ ᠪᠥᠬᠦᠶ ᠲᠣᠭᠲᠠᠭᠠᠯ ᠢ ᠬᠠᠩᠭᠠᠭᠰᠠᠨ ᠤᠷᠢᠲᠠᠯ ᠳᠣᠤᠷ᠎ᠠ᠂ ᠬᠠᠮᠢᠶ᠎ᠠ ᠪᠥᠬᠦᠶ ᠬᠢᠮᠢ ᠶᠢᠨ ᠠᠵᠤ | ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠠᠵᠤ ᠠᠬᠤᠶᠢᠯᠠᠯ ᠤᠨ ᠬᠢᠨᠠᠨ ᠡᠵᠡᠮᠳᠡᠬᠦ | ᠬᠡᠪᠴᠢᠶᠡᠨ ᠳᠤ ᠣᠷᠣᠭᠤᠯᠵᠤ᠂ ᠬᠠᠤᠯᠢ ᠲᠣᠭᠲᠠᠭᠠᠯ ᠶᠣᠰᠣᠭᠠᠷ ᠲᠣᠰ ᠦᠢᠯᠡᠳᠪᠦᠷᠢ ᠶᠢᠨ ᠲᠣᠭᠤᠷᠢᠭ ᠤᠨ ᠳᠣᠲᠣᠷ᠎ᠠ | ᠣᠲᠣ ᠶᠢᠨ ᠪᠠᠶᠢᠭ᠎ᠠ ᠦᠶ᠋ᠯᠡᠳᠪᠦᠷᠢᠯᠡᠯ ᠤᠨ ᠲᠣᠨᠤᠭ ᠲᠥᠬᠦᠭᠡᠷᠦᠮᠵᠢ᠂ ᠣᠶᠢᠯᠡᠳᠬᠦᠨ ᠢ ᠥᠭᠡᠷᠡᠴᠢᠯᠡᠵᠦ ᠥᠷᠭᠡᠳᠬᠡᠨ | ᠪᠠᠶᠢᠭᠤᠯᠵᠤ ᠪᠣᠯᠤᠨ᠎ᠠ᠃ | ᠲᠠᠪᠤᠳᠤᠭᠠᠷ ᠪᠦᠯᠦᠭ ᠬᠢᠨᠠᠵᠤ ᠬᠠᠮᠢᠶᠠᠷᠬᠤ | ᠠᠷᠪᠠᠨ ᠬᠤᠶᠠᠳᠤᠭᠠᠷ ᠵᠦᠢᠯ ᠨᠢᠭᠡᠨᠲᠡ ᠦᠨᠡᠮᠰᠢᠭᠰᠡᠨ ᠬᠢᠮᠢ ᠶᠢᠨ ᠠᠵᠤ ᠦᠢᠯᠡᠳᠪᠦᠷᠢ ᠶᠢᠨ | ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠲᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠰᠢᠭᠤ | ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠶ᠎ᠠ ᠣᠷᠣᠨ ᠤ ᠳᠣᠲᠣᠷᠠᠬᠢ ᠬᠢᠮᠢ ᠶᠢᠨ ᠠᠵᠤ | ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠬᠠᠮᠢᠶᠠᠷᠤᠯᠲᠠ ᠶᠢ ᠬᠠᠷᠢᠭᠤᠴᠠᠵᠤ᠂ | ᠡᠵᠡᠩᠨᠡᠯᠲᠡ ᠳᠤ ᠠᠯᠳᠠᠭᠳᠠᠯ ᠭᠠᠷᠤᠭᠰᠠᠨ ᠪᠠ ᠠᠵᠤ ᠠᠬᠤᠶ ᠶᠢᠨ ᠦᠷ᠎ᠡ ᠠᠰᠢᠭ ᠨᠢ ᠮᠠᠭᠤᠳᠠᠭᠰᠠᠨ ᠬᠢᠮᠢ ᠶᠢᠨ ᠠᠵᠤ | ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ | ᠬᠡᠷᠡᠭᠲᠡᠶ᠃ ᠠᠶᠢᠮᠠᠭ ᠤᠨ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ ᠬᠢᠨᠠᠯᠲᠠ ᠲᠠᠯᠪᠢᠬᠤ᠂ ᠵᠢᠯᠣᠭᠤᠳᠬᠤ ᠪᠠ ᠦᠢᠯᠡᠴᠢᠯᠡᠬᠦ ᠶᠢ ᠰᠠᠶᠢᠲᠤᠷ ᠬᠢᠵᠦ᠂ ᠬᠢᠮᠢ ᠶᠢᠨ ᠠᠵᠤ | ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠠᠵᠤ ᠠᠬᠤᠶᠢᠯᠠᠯ ᠤᠨ ᠶᠠᠰᠤ ᠴᠢᠨᠠᠷ ᠦᠷ᠎ᠡ | ᠠᠰᠢᠭ ᠪᠠ ᠮᠥᠨ ᠴᠢᠨᠠᠷ ᠤᠨ ᠠᠮᠤᠷ ᠲᠦᠪᠰᠢᠨ ᠪᠣᠬᠢᠷᠲᠤᠯ ᠥᠬᠡᠶ ᠬᠥᠭᠵᠢᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠠᠷᠪᠠᠨ ᠭᠤᠷᠪᠠᠳᠤᠭᠠᠷ ᠵᠦᠢᠯ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢᠨ | ᠲᠣᠬᠢᠷᠠᠭᠤᠯᠤᠯᠲᠠ ᠵᠡᠷᠭᠡ ᠨᠥᠬᠦᠴᠡᠯ ᠤᠨ ᠬᠤᠪᠢᠷᠠᠯᠲᠠ ᠠᠴᠠ ᠪᠣᠯᠵᠣ᠂ ᠬᠢᠮᠢ ᠶᠢᠨ ᠠᠵᠤ ᠦᠢᠯᠡᠳᠪᠦᠷᠢ ᠶᠢᠨ | ᠦᠢᠯᠡᠳᠪᠦᠷᠢᠯᠡᠯ ᠢ ᠦᠷᠭᠦᠯᠵᠢᠯᠡᠨ ᠡᠷᠭᠢᠯᠡᠬᠦ ᠳᠤ ᠳᠣᠭᠢᠷᠠᠬᠤ ᠥᠬᠡᠶ ᠠᠵᠤ ᠠᠬᠤᠶᠢᠯᠠᠯ ᠤᠨ ᠬᠢᠮᠢ ᠶᠢᠨ ᠠᠵᠤ | ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠬᠢᠷᠢ ᠬᠡᠮ ᠢ ᠨᠢ ᠬᠠᠰᠤᠨ᠎ᠠ᠃ | ᠳᠣᠤᠷᠠᠬᠢ ᠪᠠᠶᠢᠳᠠᠯ ᠤᠨ ᠨᠢᠭᠡ ᠶᠢ ᠣᠯᠵᠤ ᠮᠡᠳᠡᠪᠡᠯ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠢ ᠠᠵᠤ | ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠂ | ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ ᠬᠠᠭᠠᠰ ᠵᠢᠯ ᠠᠴᠠ ᠬᠡᠲᠦᠷᠡᠭᠦᠯᠵᠦ ᠪᠣᠯᠬᠤ | ᠥᠬᠡᠶ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠬᠤᠯᠪᠣᠭ᠎ᠠ ᠶᠢᠨ ᠲᠠᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠬᠠᠮᠢᠶ᠎ᠠ | ᠪᠥᠬᠦᠶ ᠲᠤᠰᠬᠠᠶ ᠮᠡᠷᠭᠡᠵᠢᠯᠲᠡᠨ ᠠᠴᠠ ᠳᠠᠬᠢᠨ ᠦᠨᠡᠯᠡᠨ ᠨᠤᠲᠠᠯᠠᠵᠤ᠂ ᠦᠨᠡᠮᠰᠢᠭᠡᠳ ᠮᠥᠨ ᠬᠢᠷᠢ ᠲᠡᠩᠴᠡᠭᠰᠡᠨ ᠥᠬᠡᠶ | ᠪᠠᠶᠢᠪᠠᠯ᠂ ᠠᠶᠢᠮᠠᠭ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠢᠮᠢ ᠶᠢᠨ ᠠᠵᠤ | ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ | ︵ᠨᠢᠭᠡ︶ ᠲᠣᠭᠲᠠᠭᠠᠯ ᠢ ᠵᠥᠷᠢᠴᠡᠨ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠵᠦ ᠥᠷᠭᠡᠳᠬᠡᠨ | ᠪᠠᠶᠢᠭᠤᠯᠤᠭᠰᠠᠨ ᠵᠦᠢᠯᠡᠰ︔ | ︵ᠬᠤᠶᠠᠷ︶ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ | ᠪᠤᠶᠤ ᠣᠷᠴᠢᠨ ᠠᠬᠤᠶ ᠶᠢᠨ ᠭᠡᠨᠡᠳᠲᠡ ᠶᠢᠨ ᠬᠡᠷᠡᠭ ᠭᠠᠷᠤᠭᠰᠠᠨ︔ | ︵ᠭᠤᠷᠪᠠ︶ ᠬᠢᠨᠠᠨ ᠬᠠᠮᠢᠶᠠᠷᠤᠯᠲᠠ ᠠᠴᠠ ᠵᠠᠶᠢᠯᠠᠭᠰᠠᠨ ᠦᠢᠯᠡ ᠠᠵᠢᠯᠯᠠᠭ᠎ᠠ ᠲᠠᠢ ᠪᠠᠶᠢᠬᠤ︔ | ︵ᠲᠥᠷᠪᠡ︶ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠬᠦᠨᠳᠦ ᠨᠣᠴᠢᠲᠠᠶ ᠥᠢᠯᠡ | ᠠᠵᠢᠯᠯᠠᠭ᠎ᠠ ᠲᠠᠢ ᠪᠠᠶᠢᠬᠤ᠃ | ᠠᠷᠪᠠᠨ ᠳᠥᠷᠪᠡᠳᠦᠭᠡᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ | ᠴᠡᠭ ᠨᠢ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠭᠤᠷᠪᠠᠨ ᠵᠢᠯ ᠪᠣᠯᠬᠤ ᠪᠦᠷᠢ ᠠᠶᠢᠮᠠᠭ ᠵᠠᠬᠢᠷᠭ᠎ᠠ ᠪᠤᠶᠤ | ᠲᠡᠭᠦᠨ ᠤ ᠡᠷᠬᠡ ᠣᠯᠭᠤᠭᠰᠠᠨ ᠪᠠᠶᠢᠭᠤᠯᠤᠮᠵᠢ ᠠᠴᠠ ᠦᠨᠡᠮᠰᠢᠭᠰᠡᠨ ᠬᠢᠮᠢ ᠶᠢᠨ ᠠᠵᠤ ᠦᠢᠯᠡᠳᠪᠦᠷᠢ ᠶᠢᠨ | ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ ᠠᠵᠤ ᠠᠬᠤᠶᠢᠯᠠᠯ ᠳᠤ ᠲᠠᠬᠢᠨ ᠬᠢᠨᠠᠯᠲᠠ ᠬᠢᠵᠦ᠂ ᠦᠨᠡᠮᠰᠢᠬᠦ | ᠨᠥᠬᠦᠴᠡᠯ ᠢ ᠬᠠᠩᠭᠠᠭᠰᠠᠨ ᠬᠢᠮᠢ ᠶᠢᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠬᠢᠨᠠᠨ ᠡᠵᠡᠮᠳᠡᠬᠦ ᠴᠡᠭ ᠤᠨ | ᠠᠵᠤ ᠠᠬᠤᠶᠢᠯᠠᠯ ᠢ ᠠᠶᠢᠮᠠᠭ ᠵᠠᠬᠢᠷᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠨᠡᠶᠢᠲᠡᠯᠡᠨ᠎ᠡ᠃ | ᠠᠷᠪᠠᠨ ᠲᠠᠪᠤᠳᠤᠭᠠᠷ ᠵᠦᠢᠯ ᠬᠢᠮᠢ ᠶᠢᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠬᠢᠨᠠᠨ ᠡᠵᠡᠮᠳᠡᠬᠦ | ᠴᠡᠭ ᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠲᠥᠪᠯᠡᠷᠡᠭᠰᠡᠨ ᠲᠣᠭᠤᠷᠢᠭ︶ ᠳᠠᠰᠢ | ᠰᠢᠯᠵᠢᠭᠦᠯᠦᠨ ᠬᠥᠭᠵᠢᠭᠦᠯᠬᠦ ᠶᠢ ᠵᠣᠷᠢᠭᠵᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠡᠯᠬᠢᠶ᠎ᠡ ᠶᠢ | ᠨᠥᠬᠦᠪᠥᠷᠢᠯᠡᠨ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠠᠵᠤ ᠦᠶ᠋ᠯᠡᠰ ᠤᠨ ᠠᠮᠢ ᠠᠬᠤᠶ ᠶᠢ | ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠶᠠᠰᠤ ᠴᠢᠨᠠᠷ ᠢ ᠳᠠᠶᠢᠴᠢᠯᠠᠨ ᠳᠡᠭᠡᠭᠰᠢᠯᠡᠭᠦᠯᠦᠨ᠎ᠡ | ᠃ | ᠵᠢᠷᠭᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠠᠷᠪᠠᠨ ᠵᠢᠷᠭᠤᠳᠤᠭᠠᠷ ᠵᠦᠢᠯ ᠲᠣᠰ ᠨᠠᠷᠢᠨ ᠲᠦᠷᠢᠮ ᠢ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠳᠣᠯᠣᠳᠤᠭᠠᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |