​ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠬᠢᠩᠭᠠᠨ ᠠᠶᠢᠮᠠᠭ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/31
ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄       ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠮᠠᠨ ᠤ ᠠᠶᠢᠮᠠᠭ ᠤᠨ ᠠᠭᠤᠷᠬᠠᠶ ᠶᠢᠨ ᠦᠢᠯᠡᠰ ᠤᠨ ᠪᠣᠬᠢᠷᠲᠤᠯ ᠦᠭᠡᠶ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ  ᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠡᠩ ᠲᠡᠷᠢᠭᠦᠨ ᠳᠤ ᠲᠠᠯᠪᠢᠬᠤ᠂ ᠪᠣᠬᠢᠷᠲᠤᠯ ᠥᠭᠡᠢ ᠬᠥᠭᠵᠢᠯᠲᠡ ᠶᠢᠨ ᠤᠳᠤᠷᠢᠳᠤᠮᠵᠢ ᠶᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠲᠥᠯᠥᠪᠵᠢᠭᠦᠯᠬᠦ᠂ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠬᠢᠭᠡᠳ ᠬᠠᠮᠠᠭᠠᠯᠠᠬᠤ ᠪᠥᠬᠦ ᠶᠠᠪᠤᠴᠠ ᠳᠤ ᠲᠤᠭᠤᠰᠢᠯᠠᠭᠤᠯᠵᠦ᠂ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠲᠥᠯᠬᠢᠨ ᠠᠬᠢᠭᠤᠯᠵᠤ᠂ ᠠᠭᠤᠷᠬᠠᠶ ᠶᠢᠨ ᠦᠢᠯᠡᠰ ᠤᠨ ᠪᠣᠬᠢᠷᠲᠤᠯ ᠥᠭᠡᠢ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠪᠠ ᠲᠠᠶᠢᠴᠢᠯᠠᠵᠤ᠂ ᠡᠭᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠳᠥᠭᠡᠨ ᠪᠠᠶᠢᠭᠤᠯᠬᠤ ᠳᠤ ᠬᠢᠩᠭᠠᠨ ᠳᠤ ᠬᠤᠪᠢ ᠨᠡᠮᠡᠷᠢ ᠦᠵᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 13 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠪᠥᠬᠦ ᠠᠶᠢᠮᠠᠭ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠬᠤ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃       ᠨᠢᠭᠡ᠂ ᠦᠨᠳᠦᠰᠦᠨ ᠵᠠᠷᠴᠢᠮ       ︵ᠨᠢᠭᠡ︶ ᠠᠭᠤᠷᠬᠠᠶ ᠶᠢᠨ ᠦᠢᠯᠡᠰ ᠤᠨ ᠬᠥᠭᠵᠢᠯᠲᠡ ᠬᠢᠭᠡᠳ ᠣᠷᠣᠨ ᠪᠦᠰᠡ ᠶᠢᠨ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠮᠠᠨ ᠤ ᠠᠶᠢᠮᠠᠭ ᠤᠨ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠬᠢᠭᠡᠳ ᠠᠭᠤᠷᠬᠠᠶ ᠶᠢᠨ ᠭᠠᠷᠤᠯᠲᠠ ᠶᠢ ᠨᠡᠭᠡᠭᠡᠨ ᠠᠰᠢᠭᠯᠠᠵᠤ ᠪᠠᠶᠢᠭ᠎ᠠ ᠣᠳᠣᠬᠢ ᠪᠠᠶᠢᠳᠠᠯ ᠳᠤ ᠰᠠᠭᠤᠷᠢᠯᠠᠨ᠂ ᠡᠬᠢ ᠪᠠᠶᠠᠯᠢᠭ ᠤᠨ ᠲᠥᠷᠥᠯᠬᠢ ᠨᠥᠬᠦᠴᠡᠯ ᠲᠠᠢ ᠤᠶᠠᠯᠳᠤᠭᠤᠯᠵᠤ᠂ ᠪᠥᠬᠦ ᠠᠶᠢᠮᠠᠭ ᠤᠨ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠨᠢᠭᠡᠳᠦᠯᠲᠡᠶ ᠲᠥᠯᠥᠪᠯᠡᠨ᠂ ᠠᠭᠤᠷᠬᠠᠶ ᠶᠢᠨ ᠦᠢᠯᠡᠰ ᠬᠢᠭᠡᠳ ᠠᠵᠤ ᠠᠬᠤᠶ᠂ ᠣᠷᠴᠢᠨ ᠲᠣᠭᠤᠷᠢᠨ ᠪᠠ ᠨᠡᠶᠢᠭᠡᠮ ᠤᠨ ᠦᠷ᠎ᠡ ᠠᠰᠢᠭ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃       ︵ᠬᠤᠶᠠᠷ︶ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢᠨ ᠵᠠᠷᠴᠢᠮ ᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠶᠡᠷᠦᠩᠬᠡᠶᠢᠯᠡᠨ ᠬᠠᠶᠢᠨ ᠪᠠᠶᠢᠴᠠᠭᠠᠬᠤ ᠪᠠ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠠᠰᠢᠭᠯᠠᠬᠤ ᠠᠷᠭ᠎ᠠ ᠮᠠᠶ᠋ᠢᠭ ᠢ ᠬᠦᠴᠦᠯᠡᠨ ᠬᠤᠪᠢᠷᠠᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ᠂ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠳᠤ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠨ᠂ ᠪᠣᠬᠢᠷᠲᠤᠯ ᠥᠬᠡᠶ ᠬᠥᠭᠵᠢᠭᠦᠯᠬᠦ ᠣᠨᠣᠯᠵᠢᠬᠤᠨ ᠢ ᠪᠣᠶ ᠪᠣᠯᠭᠠᠵᠤ᠂ ᠠᠭᠤᠷᠬᠠᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠪᠣᠬᠢᠷᠲᠤᠯ ᠥᠬᠡᠶ ᠬᠥᠭᠵᠢᠭᠦᠯᠬᠦ ᠰᠢᠨ᠎ᠡ ᠵᠠᠭᠪᠤᠷ ᠢ ᠠᠭᠤᠷᠬᠠᠶ ᠶᠢᠨ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠳᠠᠬᠢᠨ ᠪᠥᠲᠥᠭᠡᠨ ᠪᠠᠶᠢᠭᠤᠯᠬᠤ ᠶᠢ ᠴᠢᠩᠭᠠᠳᠬᠠᠵᠤ᠂ ᠠᠭᠤᠷᠬᠠᠶ ᠶᠢᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠤᠨ᠂ ᠡᠶ᠎ᠡ ᠵᠣᠬᠢᠴᠠᠯ ᠲᠠᠢ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠤᠨ᠎ᠠ᠃       ᠬᠤᠶᠠᠷ᠂ ᠭᠤᠣᠯᠳᠠᠯᠭ᠎ᠠ ᠲᠠᠢ ᠬᠠᠷᠠᠯᠲᠠ 2028 ᠣᠨ ᠤ ᠡᠴᠦᠰ ᠪᠣᠯᠬᠤ ᠳᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠦᠨᠡᠮᠯᠡᠯ ᠲᠠᠢ ᠪᠠᠷ ᠦᠢᠯᠡᠳᠪᠦᠷᠢᠯᠡᠵᠦ ᠪᠠᠶᠢᠭ᠎ᠠ 80% ᠠᠴᠠ ᠳᠡᠭᠡᠭᠰᠢᠬᠢ ᠲᠣᠮᠣ ᠳᠤᠮᠳᠠ ᠬᠡᠯᠪᠡᠷᠢ ᠶᠢᠨ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠶ᠃ 2030 ᠣᠨ ᠤ ᠰᠡᠭᠦᠯᠴᠢ ᠪᠣᠯᠬᠤ ᠳᠤ᠂ ᠦᠨᠡᠮᠯᠡᠯ ᠲᠠᠢ ᠪᠠᠷ ᠦᠢᠯᠡᠳᠪᠦᠷᠢᠯᠡᠵᠦ ᠪᠠᠶᠢᠭ᠎ᠠ ᠲᠣᠮᠣ ᠳᠤᠮᠳᠠ ᠬᠡᠯᠪᠡᠷᠢ ᠶᠢᠨ ᠪᠥᠬᠦ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠳᠤ ᠬᠦᠷᠦᠭᠦᠯᠵᠦ᠂ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠳᠤ ᠨᠡᠶᠢᠴᠡᠬᠦ ᠥᠬᠡᠶ ᠠᠭᠤᠷᠬᠠᠶ ᠶᠢ ᠬᠠᠤᠯᠢ ᠶᠣᠰᠣᠭᠠᠷ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠭᠠᠷᠭᠠᠨ᠎ᠠ︔ ᠦᠨᠡᠮᠯᠡᠯ ᠲᠠᠢ ᠪᠠᠷ ᠦᠢᠯᠡᠳᠪᠦᠷᠢᠯᠡᠵᠦ ᠪᠠᠶᠢᠭ᠎ᠠ ᠵᠢᠵᠢᠭ ᠬᠡᠯᠪᠡᠷᠢ ᠶᠢᠨ ᠠᠭᠤᠷᠬᠠᠶ ᠪᠠ ᠦᠯᠡᠳᠡᠵᠦ ᠪᠠᠶᠢᠭ᠎ᠠ ᠬᠠᠳᠠᠭᠠᠯᠠᠭᠳᠠᠴᠠ ᠶᠢᠨ ᠮᠠᠯᠲᠠᠵᠤ ᠪᠣᠯᠬᠤ ᠵᠢᠯ ᠬᠤᠭᠤᠴᠠᠭ᠎ᠠ ᠨᠢ 3 ᠵᠢᠯ ᠬᠦᠷᠬᠦ ᠦᠭᠡᠶ ᠪᠠᠶᠢᠭ᠎ᠠ ᠠᠭᠤᠷᠬᠠᠶ ᠶᠢᠨ ᠭᠠᠷᠤᠯᠲᠠ ᠨᠢ ᠪᠣᠬᠢᠷᠲᠤᠯ ᠦᠭᠡᠶ ᠨᠡᠭᠡᠭᠡᠨ ᠮᠠᠯᠲᠠᠬᠤ ᠦᠨᠳᠦᠰᠦᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠦᠨᠡᠯᠡᠬᠦ ᠭᠦᠢᠴᠡᠳᠭᠡᠯ ᠲᠤᠭ᠎ᠠ ᠶᠢᠨ ᠳᠣᠲᠣᠷᠠᠬᠢ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ ᠪᠥᠲᠥᠭᠡᠨ ᠪᠠᠶᠢᠭᠤᠯᠤᠯᠲᠠ ᠶᠢᠨ ᠦᠢᠯᠡᠳᠪᠦᠷᠢᠯᠡᠯ ᠤᠨ ᠬᠠᠮᠢᠶᠠᠷᠤᠯᠲᠠ ᠬᠢᠵᠦ᠂ ᠠᠭᠤᠷᠬᠠᠶ ᠶᠢᠨ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠪᠠ ᠠᠮᠢ ᠠᠬᠤᠶ ᠶᠢ ᠰᠡᠷᠭᠦᠭᠡᠬᠦ ᠪᠠ ᠠᠭᠤᠷᠬᠠᠶ ᠶᠢᠨ ᠬᠠᠶᠠᠭᠳᠠᠮᠠᠯ ᠬᠡᠶ᠂ ᠬᠠᠶᠠᠭᠳᠠᠮᠠᠯ ᠤᠰᠤ᠂ ᠬᠠᠶᠠᠭᠳᠠᠮᠠᠯ ᠰᠢᠭᠠᠷᠤ ᠵᠢᠴᠢ ᠳᠡᠭᠳᠡᠮᠡᠯ ᠲᠣᠭᠤᠰᠣ ᠵᠡᠷᠭᠡ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃       ᠭᠤᠷᠪᠠ᠂ ᠭᠤᠣᠯᠳᠠᠯᠭ᠎ᠠ ᠲᠠᠢ ᠡᠭᠦᠷᠭᠡ       ︵ᠨᠢᠭᠡ︶ ᠪᠣᠬᠢᠷᠲᠤᠯ ᠥᠬᠡᠶ ᠠᠭᠤᠷᠬᠠᠶ ᠶᠢᠨ ᠠᠵᠢᠯ ᠲᠥᠷᠥᠯ ᠤᠨ ᠪᠠᠷᠢᠮᠵᠢᠶ᠎ᠠ ᠪᠠ ᠦᠨᠡᠯᠡᠬᠦ ᠭᠦᠢᠴᠡᠳᠭᠡᠯ ᠲᠤᠭ᠎ᠠ ᠶᠢ ᠴᠢᠩᠭ᠎ᠠ ᠬᠡᠷᠡᠭᠵᠢᠭᠦᠯᠦᠨ᠎ᠡ᠃ ᠮᠠᠨ ᠤ ᠠᠶᠢᠮᠠᠭ ᠤᠨ ᠪᠣᠳᠠᠲᠤ ᠪᠠᠶᠢᠳᠠᠯ ᠢ ᠦᠨᠳᠦᠰᠦᠯᠡᠨ ᠲᠡᠮᠦᠷᠯᠢᠭ᠂ ᠲᠡᠮᠦᠷᠯᠢᠭ ᠪᠤᠰᠤ ︵ᠴᠢᠯᠠᠭᠤ ᠭᠠᠷᠭᠠᠬᠤ ᠲᠠᠯᠠᠪᠠᠶ ᠪᠠᠭᠲᠠᠬᠤ ᠦᠭᠡᠶ︶᠂ ᠴᠢᠯᠠᠭᠤ ᠭᠠᠷᠭᠠᠬᠤ ᠲᠠᠯᠠᠪᠠᠶ᠂ ᠭᠠᠵᠠᠷ ᠤᠨ ᠢᠯᠴᠢ ᠶᠢᠨ ᠷᠠᠰᠢᠶᠠᠨ ᠤᠰᠤ ᠵᠡᠷᠭᠡ ᠳᠥᠷᠪᠡᠨ ᠲᠥᠷᠥᠯ ᠤᠨ ᠠᠭᠤᠷᠬᠠᠶ ᠭᠡᠵᠦ ᠬᠤᠪᠢᠶᠠᠨ᠎ᠠ᠃ ᠡᠯ᠎ᠡ ᠬᠤᠰᠢᠭᠤ ᠰᠢᠶᠠᠨ ᠬᠤᠲᠠ ᠨᠤᠭᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 13 ᠳ᠋ᠤᠭᠠᠷ ᠲᠣᠭᠠᠲᠤ︶ ᠳᠠᠬᠢ ᠦᠨᠡᠯᠡᠬᠦ ᠭᠦᠢᠴᠡᠳᠭᠡᠯ ᠲᠤᠭ᠎ᠠ ᠶᠢ ᠴᠢᠩᠭ᠎ᠠ ᠬᠡᠷᠡᠭᠵᠢᠭᠦᠯᠵᠦ᠂ ᠨᠢᠭᠡᠨᠲᠡ ᠪᠠᠶᠢᠭᠤᠯᠤᠭᠰᠠᠨ ᠪᠣᠬᠢᠷᠲᠤᠯ ᠥᠬᠡᠶ ᠠᠭᠤᠷᠬᠠᠶ ᠳᠤ ᠰᠢᠨ᠎ᠡ ᠪᠠᠷᠢᠮᠵᠢᠶ᠎ᠠ ᠲᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ᠂ ᠡᠯ᠎ᠡ ᠵᠦᠢᠯ ᠤᠨ ᠭᠦᠢᠴᠡᠳᠭᠡᠯ ᠲᠤᠭ᠎ᠠ ᠶᠢ ᠬᠠᠮᠤᠭ ᠤᠨ ᠰᠢᠨ᠎ᠡ ᠱᠠᠭᠠᠷᠳᠠᠯᠭ᠎ᠠ ᠳᠤ ᠬᠦᠷᠦᠭᠦᠯᠵᠦ᠂ ᠰᠢᠨ᠎ᠡ ᠪᠠᠷ ᠪᠠᠶᠢᠭᠤᠯᠤᠭᠰᠠᠨ ᠪᠣᠬᠢᠷᠲᠤᠯ ᠥᠬᠡᠶ ᠠᠭᠤᠷᠬᠠᠶ ᠳᠤ ᠲᠣᠰ ᠪᠠᠷᠢᠮᠵᠢᠶ᠎ᠠ ᠶᠣᠰᠣᠭᠠᠷ ᠥᠪᠡᠷ ᠢ ᠪᠠᠨ ᠦᠨᠡᠯᠡᠨ ᠵᠢᠱᠢᠬᠦ ᠪᠠ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠥᠷᠨᠢᠭᠦᠯᠬᠦ ᠶᠢᠨ ᠬᠠᠮᠲᠤ ᠰᠢᠯᠢᠳᠡᠭ ᠢ ᠨᠢ ᠰᠣᠩᠭᠤᠨ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢ ᠲᠠᠨᠢᠯᠴᠠᠭᠤᠯᠵᠤ ᠪᠣᠯᠤᠨ᠎ᠠ᠃ ᠡᠯ᠎ᠡ ᠬᠤᠰᠢᠭᠤ ᠰᠢᠶᠠᠨ ᠬᠤᠲᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠪᠦᠬᠦ ᠲᠠᠯ᠎ᠠ ᠪᠠᠷ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠥᠮᠥᠷᠭᠡ ᠳᠤ ᠪᠠᠶᠢᠭ᠎ᠠ ᠪᠣᠬᠢᠷᠲᠤᠯ ᠥᠬᠡᠶ ᠠᠭᠤᠷᠬᠠᠶ ᠳᠤ᠂ ᠲᠣᠭᠲᠠᠭᠰᠠᠨ ᠬᠤᠭᠤᠴᠠᠭ᠎ᠠ ᠬᠢᠵᠠᠭᠠᠷ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠥᠬᠡᠶ᠂ 5 ᠵᠦᠢᠯ ᠤᠨ ᠤᠷᠢᠳᠴᠢᠯᠠᠭᠰᠠᠨ ᠨᠥᠬᠦᠴᠡᠯ ᠢ ᠪᠦᠷᠢᠨ ᠬᠠᠩᠭᠠᠭᠰᠠᠨ ᠥᠬᠡᠶ᠂ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠨᠢ ᠪᠦᠷᠢᠨ ᠬᠤᠪᠢ ᠣᠯᠤᠭᠰᠠᠨ ᠥᠬᠡᠶ ᠪᠣᠬᠢᠷᠲᠤᠯ ᠥᠬᠡᠶ ᠠᠭᠤᠷᠬᠠᠶ ᠳᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠬᠤᠭᠤᠴᠠᠭ᠎ᠠ ᠬᠢᠵᠠᠭᠠᠷ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠥᠬᠡᠶ ᠪᠠᠶᠢᠪᠠᠯ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠳᠠᠬᠢᠨ ᠬᠢᠨᠠᠭᠰᠠᠨ ᠤ ᠳᠠᠷᠠᠭ᠎ᠠ᠂ ᠲᠠᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢᠨ ᠠᠯᠪᠠᠨ ᠬᠡᠷ ᠠᠴᠠ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠭᠠᠷᠭᠠᠬᠤ ᠶᠢ ᠭᠤᠶᠤᠴᠢᠯᠠᠨ᠎ᠠ︔ ᠰᠢᠯᠵᠢᠭᠦᠯᠵᠦ ᠭᠠᠷᠭᠠᠭᠰᠠᠨ ᠪᠣᠬᠢᠷᠲᠤᠯ ᠥᠬᠡᠶ ᠠᠭᠤᠷᠬᠠᠶ ᠳᠤ ᠪᠣᠯ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠦᠷᠦᠭᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠲᠤᠬᠠᠶ ᠶᠢᠨ ᠭᠠᠵᠠᠷ ᠲᠤᠨᠢ ᠳᠠᠬᠢᠨ ᠬᠢᠨᠠᠭᠤᠯᠵᠤ ᠪᠠᠲᠤᠯᠠᠭᠤᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢᠨ ᠠᠯᠪᠠᠨ ᠬᠡᠷ ᠢ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠪᠠᠷ ᠭᠤᠶᠤᠴᠢᠯᠠᠵᠤ᠂ ᠬᠡᠷᠪᠡ 2024 ᠣᠨ ᠤ ᠳᠣᠲᠣᠷ᠎ᠠ ᠳᠠᠬᠢᠨ ᠬᠢᠨᠠᠭᠤᠯᠬᠤ ᠶᠢ ᠥᠩᠭᠡᠷᠡᠭᠡᠭᠰᠡᠨ ᠥᠬᠡᠶ ᠪᠣᠯ᠂ ︽ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢ ᠮᠡᠳᠡᠭᠦᠯᠵᠦ ᠦᠨᠡᠯᠡᠨ ᠵᠢᠱᠢᠵᠦ ᠰᠢᠯᠢᠨ ᠰᠣᠩᠭᠤᠬᠤ ᠠᠵᠢᠯ ᠤᠨ ᠴᠤᠪᠤᠷᠠᠯ︾ ᠤᠨ ᠶᠣᠰᠣᠭᠠᠷ ᠳᠠᠬᠢᠨ ᠮᠡᠳᠡᠭᠦᠯᠵᠦ ᠦᠨᠡᠯᠡᠨ ᠵᠢᠱᠢᠵᠦ ᠬᠥᠮᠥᠷᠭᠡ ᠳᠤ ᠣᠷᠣᠭᠤᠯᠬᠤ ᠬᠡᠷᠡᠭᠲᠡᠶ᠃ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠠᠵᠢᠯ ᠢ ᠬᠠᠷᠠᠬᠠᠨ ᠥᠷᠨᠢᠭᠦᠯᠦᠭᠡᠳᠦᠶ ᠲᠣᠮᠣ᠂ ᠳᠤᠮᠳᠠ ᠬᠡᠯᠪᠡᠷᠢ ᠶᠢᠨ ᠦᠢᠯᠡᠳᠪᠦᠷᠢᠯᠡᠯ ᠤᠨ ᠠᠭᠤᠷᠬᠠᠶ ᠳᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠬᠡᠨ ᠥᠷᠨᠢᠭᠦᠯᠬᠦ ᠶᠢ ᠰᠢᠮᠳᠠᠭᠤᠯᠤᠨ᠎ᠠ︔ ᠵᠢᠵᠢᠭ ᠬᠡᠯᠪᠡᠷᠢ ᠶᠢᠨ ᠠᠭᠤᠷᠬᠠᠶ ᠶᠢ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠵᠢᠷᠤᠮᠵᠢᠭᠤᠯᠤᠨ ᠬᠠᠮᠢᠶᠠᠷᠤᠨ᠎ᠠ᠃       ︵ᠬᠤᠶᠠᠷ︶ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠣᠨ ᠤ ᠬᠠᠷᠠᠯᠲᠠᠲᠤ ᠡᠭᠦᠷᠭᠡ ᠶᠢ ᠨᠠᠷᠢᠯᠢᠬᠵᠢᠭᠤᠯᠤᠨ᠎ᠠ᠃ 2023 ᠣᠨ ᠪᠣᠯᠲᠠᠯ᠎ᠠ᠂ ᠮᠠᠨ ᠤ ᠠᠶᠢᠮᠠᠭ ᠲᠤ ᠨᠡᠶᠢᠲᠡ 36 ᠠᠭᠤᠷᠬᠠᠶ ᠦᠢᠯᠡᠳᠪᠦᠷᠢᠯᠡᠵᠦ᠂ ᠡᠭᠦᠨ ᠳᠤ ᠲᠣᠮᠣ ᠳᠤᠮᠳᠠ ᠬᠡᠯᠪᠡᠷᠢ ᠶᠢᠨ ︵ᠦᠢᠯᠡᠳᠪᠦᠷᠢᠯᠡᠯ ᠤᠨ ᠬᠡᠪᠴᠢᠶ᠎ᠡ︶ ᠠᠭᠤᠷᠬᠠᠶ ᠨᠡᠶᠢᠲᠡ 26 ᠪᠠᠶᠢᠵᠤ᠂ ᠨᠢᠭᠡᠨᠲᠡ 4 ᠠᠭᠤᠷᠬᠠᠶ ︵ᠡᠭᠦᠨ ᠳᠤ ᠯᠢᠶᠠᠨ ᠬᠤᠸᠠ ᠱᠠᠨ ᠤ ᠵᠡᠰ ᠤᠨ ᠠᠭᠤᠷᠬᠠᠶ ᠨᠢ ᠵᠢᠵᠢᠭ ᠬᠡᠯᠪᠡᠷᠢ ᠶᠢᠨ ᠠᠭᠤᠷᠬᠠᠶ ᠳᠤ ᠬᠠᠷᠢᠶᠠᠯᠠᠭᠳᠠᠨ᠎ᠠ︶ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠣᠲᠣ 23 ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠲᠠᠢ ᠪᠣᠯᠵᠠᠶ᠃ ᠵᠢᠯ ᠪᠦᠷᠢ ᠲᠤᠰ ᠵᠢᠯ ᠤᠨ ᠦᠢᠯᠡᠳᠪᠦᠷᠢᠯᠡᠭᠰᠡᠨ ᠠᠭᠤᠷᠬᠠᠶ ᠪᠠᠨ ᠪᠦᠷᠢᠳᠬᠡᠵᠦ᠂ ᠪᠣᠳᠠᠲᠠᠶ ᠦᠢᠯᠡᠳᠪᠦᠷᠢᠯᠡᠵᠦ ᠪᠠᠶᠢᠭ᠎ᠠ ᠲᠤᠮᠤ ᠳᠤᠮᠳᠠ ᠬᠡᠯᠪᠡᠷᠢ ᠶᠢᠨ ᠠᠭᠤᠷᠬᠠᠶ ᠶᠢᠨ ᠲᠤᠭ᠎ᠠ ᠶᠢ ᠦᠨᠳᠦᠰᠦᠯᠡᠨ᠂ ᠲᠠᠷᠠᠭ᠎ᠠ ᠵᠢᠯ ᠤᠨ ᠪᠥᠳᠥᠭᠡᠨ ᠪᠠᠶᠢᠭᠤᠯᠬᠤ ᠡᠭᠦᠷᠭᠡ ᠶᠢᠨ ᠭᠦᠢᠴᠡᠳᠬᠡᠬᠦ ᠲᠤᠭ᠎ᠠ ᠶᠢ ᠲᠣᠭᠲᠠᠭᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠣᠷᠣᠨ ᠪᠦᠰᠡ ᠶᠢᠨ ᠪᠠᠶᠢᠭᠠᠯᠢ ᠶᠢᠨ ᠭᠠᠵᠠᠷ ᠵᠦᠶ᠂ ᠠᠭᠤᠷᠬᠠᠶ ᠶᠢᠨ ᠲᠥᠷᠥᠯ᠂ ᠨᠡᠭᠡᠭᠡᠨ ᠮᠠᠯᠲᠠᠬᠤ ᠬᠡᠪᠴᠢᠶ᠎ᠡ ᠵᠡᠷᠭᠡ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ ᠳᠡᠶᠢᠯᠬᠦ ᠤᠷᠢᠲᠠᠯ ᠳᠣᠤᠷ᠎ᠠ᠂ ᠲᠣᠰ ᠭᠠᠵᠠᠷ ᠣᠷᠣᠨ ᠤ ᠪᠠᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠰᠤᠳᠤᠯᠤᠨ ᠲᠣᠭᠲᠠᠭᠠᠵᠤ᠂ ᠲᠣᠮᠣ ᠳᠤᠮᠳᠠ ᠬᠡᠯᠪᠡᠷᠢ ᠶᠢᠨ ᠰᠢᠨ᠎ᠡ ᠪᠠᠷ ᠪᠠᠶᠢᠭᠤᠯᠬᠤ ᠂ ᠦᠢᠯᠡᠳᠪᠦᠷᠢᠯᠡᠬᠦ ᠠᠭᠤᠷᠬᠠᠶ ︵ᠭᠡᠷᠡᠴᠢ ᠦᠨᠡᠮᠯᠡᠯ ᠨᠢ ᠬᠠᠤᠯᠢ ᠶᠣᠰᠣᠨ ᠤ ᠪᠥᠭᠡᠳ ᠬᠦᠴᠦᠨ ᠲᠠᠢ᠂ ᠦᠨᠡᠯᠡᠨ ᠵᠢᠱᠢᠬᠦ ᠠᠴᠠ ᠡᠮᠦᠨ᠎ᠡ 1 ᠵᠢᠯ ᠤᠨ ᠳᠣᠲᠣᠷ᠎ᠠ ᠬᠡᠪ ᠤᠨ ᠪᠠᠶᠢᠳᠠᠯ ᠢᠶᠠᠷ ᠦᠢᠯᠡᠳᠪᠦᠷᠢᠯᠡᠨ᠎ᠡ︶ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠬᠦ ᠶᠢ ᠠᠬᠢᠭᠤᠯᠤᠨ᠎ᠠ᠃ ᠲᠤᠮᠤ ᠳᠤᠮᠳᠠ ᠬᠡᠯᠪᠡᠷᠢ ᠶᠢᠨ ᠬᠠᠶᠢᠷ ᠴᠢᠯᠠᠭᠤᠲᠤ ᠰᠢᠷᠣᠶ ᠶᠢᠨ ᠲᠦᠷᠦᠯ ᠤᠨ ᠠᠭᠤᠷᠬᠠᠶ ᠳᠤ ᠠᠭᠤᠷᠬᠠᠶ ᠶᠢᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠳᠣᠭᠢᠷᠬᠠᠰᠠᠨ ᠪᠣᠬᠢᠷᠲᠤᠯ ᠦᠭᠡᠢ ᠠᠭᠤᠷᠬᠠᠶ ᠶᠢ ᠪᠠᠶᠢᠭᠤᠯᠤᠨ᠎ᠠ︔ ᠵᠢᠵᠢᠭ ᠬᠡᠯᠪᠡᠷᠢ ᠶᠢᠨ ᠠᠭᠤᠷᠬᠠᠶ ᠳᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠠᠵᠢᠯ ᠲᠥᠷᠥᠯ ᠤᠨ ᠪᠠᠷᠢᠮᠵᠢᠶ᠎ᠠ ᠶᠢᠨ ᠲᠠᠯ᠎ᠠ ᠪᠠᠷ ᠴᠤ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃       ︵ᠭᠤᠷᠪᠠ︶ ᠰᠢᠨ᠎ᠡ ᠪᠠᠷ ᠪᠠᠶᠢᠭᠤᠯᠬᠤ ᠠᠭᠤᠷᠬᠠᠶ ᠳᠤ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠳᠠᠯᠠᠨ᠎ᠠ᠃ ᠰᠢᠨ᠎ᠡ ᠪᠠᠷ ᠪᠠᠶᠢᠭᠤᠯᠤᠭᠰᠠᠨ ᠠᠭᠤᠷᠬᠠᠶ ᠳᠤ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠶᠢᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠣᠷᠴᠢᠨ ᠲᠣᠭᠤᠷᠢᠨ ᠤ ᠡᠪᠳᠡᠭᠳᠡᠯ ᠢᠶᠠᠷ ᠨᠡᠯᠢᠶᠡᠳ ᠪᠠᠭ᠎ᠠ ᠨᠡᠭᠡᠭᠡᠨ ᠮᠠᠯᠲᠠᠬᠤ ᠠᠷᠭ᠎ᠠ ᠮᠠᠶ᠋ᠢᠭ᠂ ᠠᠭᠤᠷᠬᠠᠶ ᠮᠠᠯᠲᠠᠬᠤ ᠮᠡᠷᠭᠡᠵᠢᠯ ᠪᠣᠯᠤᠨ ᠬᠦᠳᠡᠷ ᠰᠢᠯᠢᠬᠦ ᠠᠷᠭ᠎ᠠ ᠶᠢ ᠰᠣᠩᠭᠤᠵᠤ ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠠᠭᠤᠷᠬᠠᠶ ᠯᠤᠭ᠎ᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠭᠡᠷ᠎ᠡ ᠲᠣᠭᠲᠠᠬᠤ ᠶᠢᠨ ᠬᠠᠮᠲᠤ᠂ ᠭᠡᠷ᠎ᠡ ᠳᠡᠭᠡᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ᠂ ᠠᠬᠢᠴᠠ᠂ ᠴᠠᠭ ᠤᠨ ᠬᠢᠵᠠᠭᠠᠷ᠂ ᠱᠠᠭᠠᠷᠳᠠᠯᠭ᠎ᠠ ᠵᠢᠴᠢ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ︔ ᠠᠮᠢ ᠠᠬᠤᠶ ᠶᠢᠨ ᠣᠷᠴᠢᠨ ᠨᠥᠬᠦᠴᠡᠯ ᠤᠨ ᠰᠠᠯᠠᠭ᠎ᠠ ᠮᠥᠴᠢᠷ ᠤᠳ ᠣᠷᠴᠢᠨ ᠠᠬᠤᠶ ᠶᠢᠨ ᠨᠥᠯᠥᠭᠡᠯᠡᠯ ᠢ ᠦᠨᠡᠯᠡᠬᠦ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠵᠦ᠂ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠭᠠᠳ ᠠᠮᠢ ᠠᠬᠤᠶ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠠᠭᠤᠷᠬᠠᠶ ᠶᠢᠨ ︽ᠭᠤᠷᠪᠠᠨ ᠬᠠᠶᠠᠭᠳᠠᠮᠠᠯ︾ ᠢ ᠪᠦᠲᠦᠮᠵᠢᠲᠡᠶ ᠰᠢᠢᠳᠪᠦᠷᠢᠯᠡᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠶ︔ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠬᠡᠷᠡᠭᠲᠡᠶ︔ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠣᠶ ᠰᠢᠭᠤᠶ ᠨᠣᠳᠤᠭ ᠪᠡᠯᠴᠢᠭᠡᠷ ᠤᠨ ᠰᠠᠯᠠᠭ᠎ᠠ ᠮᠥᠴᠢᠷ ᠤᠳ ᠰᠢᠨ᠎ᠡ ᠪᠠᠷ ᠪᠠᠶᠢᠭᠤᠯᠤᠭᠰᠠᠨ ᠠᠭᠤᠷᠬᠠᠶ ᠶᠢᠨ ᠨᠤᠲᠤᠭ ᠪᠡᠯᠴᠢᠭᠡᠷ᠂ ᠣᠶᠢᠲᠤ ᠭᠠᠵᠠᠷ ᠢ ᠡᠵᠡᠯᠡᠨ ᠬᠡᠷᠡᠭᠯᠡᠬᠦ ᠡᠰᠡᠬᠦ ᠶᠢ ᠴᠢᠩᠭ᠎ᠠ ᠬᠢᠵᠠᠭᠠᠷᠯᠠᠵᠤ᠂ ᠡᠵᠡᠯᠡᠨ ᠬᠡᠷᠡᠭᠯᠡᠬᠦ ᠶᠢ ᠬᠢᠨᠠᠨ ᠬᠠᠷᠭᠤᠭᠤᠯᠬᠤ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠶᠤᠯᠬᠦᠢ ᠲᠦᠬᠦᠭᠡᠷᠣᠮᠵᠢ ᠶᠢᠨ ᠵᠢᠷᠤᠭ ᠲᠥᠯᠥᠪᠯᠡᠭᠡ ᠶᠢ ᠴᠢᠩᠭ᠎ᠠ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠠᠶᠤᠯ ᠥᠭᠡᠢ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠠᠭᠤᠷᠬᠠᠶ ᠶᠢᠨ ᠪᠣᠬᠢᠷᠲᠤᠯ ᠥᠭᠡᠢ ᠠᠶᠤᠯ ᠥᠭᠡᠢ ᠦᠢᠯᠡᠳᠪᠦᠷᠢᠯᠡᠬᠦ ᠶᠢ ᠪᠠᠳᠤᠯᠠᠨ᠎ᠠ᠃       ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠩᠭᠠᠨ ᠬᠢᠨᠠᠨ ᠬᠠᠮᠢᠶᠠᠷᠬᠤ ᠬᠤᠪᠢᠶᠠᠷᠢ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ 11 ᠰᠠᠯᠠᠭ᠎ᠠ ᠮᠥᠴᠢᠷ ᠲᠠᠢ ᠬᠤᠯᠪᠣᠭᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠣᠨ ᠤ ᠠᠵᠢᠯ ᠤᠨ ᠬᠠᠷᠠᠯᠲᠠ᠂ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠣᠷᠣᠭᠤᠯᠬᠤ᠂ ᠰᠢᠯᠵᠢᠭᠦᠯᠦᠨ ᠭᠠᠷᠭᠠᠬᠤ ᠵᠡᠷᠭᠡ ᠴᠢᠬᠤᠯᠠ ᠶᠡᠭᠡ ᠵᠦᠢᠯᠡᠰ ᠪᠠ ᠠᠰᠠᠭᠤᠳᠠᠯ ᠢ ᠬᠠᠮᠲᠤᠪᠠᠷ ᠬᠢᠨᠠᠨ ᠵᠥᠪᠯᠡᠵᠦ᠂ ᠪᠣᠬᠢᠷᠲᠤᠯ ᠥᠬᠡᠶ ᠠᠭᠤᠷᠬᠠᠶ ᠶᠢᠨ ᠮᠡᠳᠡᠭᠦᠯᠦᠭᠰᠡᠨ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠬᠤ᠂ ᠭᠤᠷᠪᠠᠳᠠᠬᠢ ᠡᠲᠡᠭᠡᠳ ᠠᠴᠠ ᠦᠨᠡᠯᠡᠨ ᠵᠢᠱᠢᠬᠦ᠂ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠶᠢ ᠭᠤᠶᠤᠴᠢᠯᠠᠨ ᠮᠡᠳᠡᠭᠦᠯᠵᠦ ᠬᠠᠮᠢᠶᠠᠷᠬᠤ᠂ ᠠᠯᠪᠠᠨ ᠵᠠᠷ ᠨᠡᠶᠢᠲᠡᠯᠡᠬᠦ ᠵᠡᠷᠭᠡ ᠡᠳᠦᠷ ᠲᠤᠲᠤᠮ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠨᠢ ᠵᠠᠷᠤᠳᠠᠯ ᠳᠣᠭᠢᠷᠠᠭᠤᠯᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠬᠢᠨᠠᠨ ᠪᠠᠶᠢᠴᠠᠭᠠᠬᠤ᠂ ᠭᠤᠷᠪᠠᠳᠠᠬᠢ ᠡᠲᠡᠭᠡᠳ ᠠᠴᠠ ᠦᠨᠡᠯᠡᠨ ᠵᠢᠱᠢᠬᠦ᠂ ᠵᠢᠯᠣᠭᠤᠳᠤᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠬᠤ ᠵᠡᠷᠭᠡ ᠲᠠᠯ᠎ᠠ ᠶᠢᠨ ᠵᠠᠷᠤᠯᠭ᠎ᠠ ᠶᠢ ᠪᠠᠲᠤᠯᠠᠬᠤ ᠬᠡᠷᠡᠭᠲᠡᠶ᠂ ᠠᠭᠤᠷᠬᠠᠶ ᠶᠢᠨ ᠠᠵᠤ ᠠᠬᠤᠶᠢᠯᠠᠯ ᠤᠨ ᠳᠠᠷᠤᠭᠠᠰᠤ ᠶᠢ ᠨᠡᠮᠡᠭᠳᠡᠭᠦᠯᠵᠦ ᠪᠣᠯᠬᠤ ᠥᠬᠡᠶ᠃ ᠠᠶᠢᠮᠠᠭ ᠤᠨ ᠱᠠᠲᠤᠨ ᠤ ᠭᠤᠤᠯᠳᠠᠯᠭ᠎ᠠ ᠲᠠᠢ ᠪᠠᠲᠤᠯᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠬᠢᠨᠠᠨ ᠪᠠᠶᠢᠴᠠᠭᠠᠬᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠵᠡᠷᠭᠡ ᠵᠠᠷᠤᠳᠠᠯ᠂ ᠰᠢᠶᠠᠨ ᠤ ᠱᠠᠲᠤᠨ ᠤ ᠭᠤᠤᠯᠳᠠᠯᠭ᠎ᠠ ᠲᠠᠢ ᠪᠠᠲᠤᠯᠠᠭ᠎ᠠ ᠶᠢᠨ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ᠂ ᠵᠢᠯᠣᠭᠤᠳᠤᠨ ᠪᠠᠶᠢᠴᠠᠭᠠᠬᠤ᠂ ᠪᠣᠳᠠᠲᠠᠶ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠵᠡᠷᠭᠡ ᠵᠠᠷᠤᠳᠠᠯ᠃       ︵ᠭᠤᠷᠪᠠ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠰᠦᠯᠵᠢᠶ᠎ᠡ᠂ ᠲᠧᠯᠸᠢᠰ᠂ ᠰᠣᠨᠢᠨ ᠵᠡᠷᠭᠡ ᠲᠠᠪᠴᠠᠩ ᠢ ᠭᠦᠢᠴᠡᠳ ᠠᠰᠢᠭᠯᠠᠨ᠂ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠪᠣᠯᠤᠨ ᠠᠬᠢᠴᠠ ᠶᠢᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠨ᠂ ᠪᠣᠬᠢᠷᠲᠤᠯ ᠥᠭᠡᠢ ᠠᠭᠤᠷᠬᠠᠶ ᠶᠢᠨ ᠲᠤᠬᠠᠶ ᠨᠡᠶᠢᠭᠡᠮ ᠤᠨ ᠡᠯ᠎ᠡ ᠡᠲᠡᠭᠡᠳ  ᠤᠨ ᠬᠢᠨ ᠤ ᠲᠠᠨᠢᠯᠲᠠ ᠶᠢ ᠳᠡᠭᠡᠭᠰᠢᠯᠡᠭᠦᠯᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠮᠡᠷᠭᠡᠵᠢᠯᠲᠡᠨ᠂ ᠮᠡᠷᠭᠡᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠲᠠᠰ ᠳᠠᠪᠬᠤᠷᠭ᠎ᠠ᠂ ᠠᠵᠢᠯ ᠲᠥᠷᠥᠯ ᠬᠤᠪᠢᠶᠠᠨ ᠴᠢᠭᠯᠡᠭᠦᠯᠬᠦ ᠴᠢᠨᠠᠷᠲᠠᠶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠮᠡᠷᠭᠡᠵᠢᠯ ᠤᠨ ᠬᠠᠪᠰᠤᠷᠤᠨ ᠵᠢᠯᠣᠭᠤᠳᠣᠯᠭ᠎ᠠ ᠶᠢ ᠥᠷᠨᠢᠭᠦᠯᠵᠦ᠂ ᠠᠭᠤᠷᠬᠠᠶ ᠶᠢᠨ ᠠᠵᠤ ᠠᠬᠤᠶᠢᠯᠠᠯ ᠢ ᠬᠠᠪᠰᠤᠷᠤᠨ ᠡᠭᠦᠳᠦᠨ ᠪᠠᠶᠢᠭᠤᠯᠬᠤ ᠠᠵᠢᠯ ᠤᠨ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃                         2024 ᠣᠨ ᠤ 6 ᠰᠠᠷ᠎ᠠ ᠶᠢᠨ 13 ᠤ ᠡᠳᠦᠷ                         ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号