ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/31
ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠲᠦᠪ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄       ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                  2023 ᠣᠨ ᠤ 12 ᠰᠠᠷ᠎ᠠ ᠶᠢᠨ 29                               ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶          ᠬᠢᠩᠭᠠᠨ ᠠᠶᠢᠮᠠᠭ ᠤᠨ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠠᠷᠭ᠎ᠠ          ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠵᠡᠷᠭᠡ 17 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ᠦᠷᠡᠵᠢᠯ ᠢ ᠢᠳᠡᠪᠬᠢᠲᠡᠶ ᠳᠡᠮᠵᠢᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠶ ᠵᠢᠯᠣᠭᠤᠳᠬᠤ ᠰᠠᠨᠠᠯ︾ ︵ᠤᠯᠤᠰ ᠡᠷᠡᠬᠦᠯ ᠬᠠᠮᠠᠭᠠᠯᠠᠯ ᠬᠥᠮᠦᠨ ᠠᠮᠠ ᠲᠠᠷᠬᠠᠭᠠᠬᠤ ︹2022︺ 26 ᠳ᠋ᠤᠭᠠᠷ ᠲᠣᠭᠠᠲᠤ︶᠂ ︽︿ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ︵ᠥᠪᠥᠷ ᠨᠠᠮ ᠲᠠᠷᠬᠠᠭᠠᠭᠰᠠᠨ ﹇2022﹈ 12 ᠳ᠋ᠤᠭᠠᠷ ᠲᠣᠭᠠᠲᠤ︶᠂ ︽︿ᠦᠷᠡᠵᠢᠯ ᠢ ᠢᠳᠡᠪᠬᠢᠲᠡᠶ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠶ ᠵᠡᠷᠭᠡ 16 ᠰᠠᠯᠠᠭ᠎ᠠ ᠮᠥᠴᠢᠷ ᠤᠨ ᠮᠡᠳᠡᠭᠳᠡᠯ︾ ︵ᠥᠪᠥᠷ ᠡᠷᠡᠭᠦᠯ ᠬᠠᠮᠠᠭᠠᠯᠠᠯ ᠤᠨ ᠵᠢᠷᠤᠮᠵᠢᠯ ﹇2022﹈ 4 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 16 ᠰᠠᠯᠠᠭ᠎ᠠ ᠮᠥᠴᠢᠷ ᠤᠨ ᠮᠡᠳᠡᠭᠳᠡᠯ︾ ︵ᠥᠪᠥᠷ ᠬᠠᠮᠠᠭᠠᠯᠠᠯ ᠤᠨ ᠵᠢᠷᠤᠮᠵᠢᠯ ﹇2022﹈ 4 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠵᠢᠴᠢ ᠢᠵᠢ ᠪᠥᠷᠢᠳᠦᠭᠦᠯᠦᠨ ᠳᠡᠮᠵᠢᠬᠦ ᠠᠷᠭ᠎ᠠ ᠬᠡᠮᠵᠢᠶ᠎ᠡ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠣᠬᠢᠬᠤ ᠬᠡᠮᠵᠢᠶᠡᠨ ᠤ ᠦᠷᠡᠵᠢᠯ ᠤᠨ ᠬᠢᠷᠢ ᠬᠡᠮᠵᠢᠶ᠎ᠡ ᠶᠢ ᠪᠡᠶᠡᠯᠡᠭᠦᠯᠬᠦ ᠶᠢ ᠠᠬᠢᠭᠤᠯᠤᠨ᠂ ᠬᠥᠮᠦᠨ ᠠᠮᠠ ᠶᠢᠨ ᠪᠦᠲᠦᠴᠡ ᠶᠢ ᠰᠢᠯᠢᠳᠡᠭᠵᠢᠭᠦᠯᠵᠦ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠠᠷᠭ᠎ᠠ ᠬᠡᠮᠵᠢᠶ᠎ᠡ ᠶᠢ ᠲᠤᠭᠳᠠᠭᠠᠪᠠ᠃       ᠨᠢᠭᠡ᠂ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠬᠡᠷᠡᠭᠵᠢᠭᠦᠯᠦᠨ᠎ᠡ       ︵ᠨᠢᠭᠡ︶ ᠦᠷᠡᠵᠢᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠢᠯᠭᠠᠷᠠᠭᠤᠯᠤᠨ ᠳᠢᠭᠯᠡᠵᠦ ᠬᠦᠴᠦᠨ ᠥᠬᠡᠶ ᠪᠣᠯᠭᠠᠨ᠎ᠠ᠃ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠲᠠᠢ ᠨᠢᠭᠡᠳᠦᠯ ᠥᠬᠡᠶ᠂ ᠠᠪᠴᠠᠯᠳᠤᠬᠤ ᠥᠬᠡᠶ ᠪᠠᠶᠢᠬᠤ ᠬᠤᠯᠪᠣᠭᠳᠠᠯ ᠪᠥᠬᠦᠶ ᠲᠣᠭᠲᠠᠭᠠᠯ ᠢ ᠢᠯᠭᠠᠷᠠᠭᠤᠯᠤᠨ ᠳᠢᠭᠯᠡᠵᠦ᠂ ᠨᠡᠶᠢᠭᠡᠮ ᠤᠨ ᠠᠰᠠᠷᠠᠨ ᠲᠡᠵᠢᠭᠡᠬᠦ ᠵᠠᠷᠤᠳᠠᠯ ᠢ ᠬᠦᠴᠦᠨ ᠥᠬᠡᠶ ᠪᠣᠯᠭᠠᠵᠤ᠂ ᠡᠷᠦᠬᠡ ᠳᠤ ᠣᠷᠣᠬᠤ᠂ ᠰᠤᠷᠭᠠᠭᠤᠯᠢ ᠳᠤ ᠣᠷᠣᠬᠤ᠂ ᠠᠵᠢᠯ ᠳᠤ ᠣᠷᠣᠬᠤ ᠵᠡᠷᠭᠡ ᠶᠢ ᠬᠤᠪᠢ ᠬᠥᠮᠦᠨ ᠤ ᠦᠷᠡᠵᠢᠯ ᠤᠨ ᠪᠠᠶᠢᠳᠠᠯ ᠠᠴᠠ ᠪᠥᠬᠦ ᠲᠠᠯ᠎ᠠ ᠪᠠᠷ ᠰᠠᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠳᠣᠷᠣᠭᠰᠢᠬᠢ ᠶᠢ ᠴᠥᠮ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠠᠶᠢᠳᠠᠪᠤᠷᠢᠵᠢᠭᠤᠯᠬᠤ ᠬᠡᠷᠡᠭᠲᠡᠶ᠂ ᠳᠠᠭᠢᠵᠤ ᠵᠢᠭᠰᠠᠭᠠᠬᠤ ᠥᠬᠡᠶ︶       ︵ᠬᠤᠶᠠᠷ︶ ᠬᠡᠷ ᠪᠦᠯᠢ ᠶᠢᠨ ᠠᠰᠠᠷᠠᠨ ᠬᠥᠮᠦᠵᠢᠭᠦᠯᠬᠦ ᠨᠥᠬᠦᠪᠥᠷᠢ ᠶᠢᠨ ᠲᠦᠷᠢᠮ ᠢ ᠬᠡᠷᠡᠭᠵᠢᠭᠦᠯᠦᠨ᠎ᠡ᠃ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠠᠳᠠᠯᠢ ᠨᠢᠭᠡ ᠬᠤᠤᠰ ᠡᠷ᠎ᠡ ᠡᠮ᠎ᠡ ᠬᠠᠤᠯᠢ ᠶᠣᠰᠣᠭᠠᠷ ᠬᠤᠶᠠᠳᠤᠭᠠᠷ᠂ ᠭᠤᠷᠪᠠᠳᠤᠭᠠᠷ ᠬᠡᠤᠬᠡᠳ ᠠᠪᠤᠭᠰᠠᠨ ᠪᠠᠶᠢᠪᠠᠯ ︵ᠡᠷ᠎ᠡ ᠡᠮ᠎ᠡ ᠶᠢᠨ ᠨᠢᠭᠡ ᠲᠠᠯ᠎ᠠ ᠨᠢ ᠲᠣᠰ ᠠᠶᠢᠮᠠᠭ ᠤᠨ ᠡᠷᠦᠬᠡ ᠠᠮᠠ ᠶᠢᠨ ᠲᠠᠩᠰᠠ ᠶᠢ ᠪᠠᠶᠢᠩᠭᠤ ᠰᠠᠭᠤᠭ᠎ᠠ ᠬᠠᠮᠢᠶᠠᠷᠤᠯᠲᠠ ᠳᠤ ᠣᠷᠣᠭᠤᠯᠬᠤ ᠮᠥᠷᠲᠡᠭᠡᠨ ᠦᠷ᠎ᠡ ᠬᠡᠤᠬᠡᠳ ᠨᠢ ᠲᠣᠰ ᠠᠶᠢᠮᠠᠭ ᠲᠤ ᠡᠷᠦᠬᠡ ᠠᠮᠠ ᠣᠷᠣᠬᠤ︶ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠬᠡᠤᠬᠡᠳ ᠪᠤᠶᠢᠵᠢᠭᠤᠯᠬᠤ ᠨᠡᠮᠡᠭᠦᠷᠢ 2000 ᠲᠥᠭᠦᠷᠢᠭ ᠪᠠ 5000 ᠲᠥᠭᠦᠷᠢᠭ ᠣᠯᠭᠤᠵᠤ᠂ ᠬᠡᠷᠡᠭᠰᠡᠬᠦ ᠪᠠᠯᠠ ᠮᠥᠩᠭᠦ ᠶᠢ ᠠᠶᠢᠮᠠᠭ ᠬᠤᠰᠢᠭᠤ ᠬᠤᠶᠠᠷ ᠱᠠᠲᠤᠨ ᠠᠴᠠ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠠᠳᠠᠯᠢ ᠱᠠᠲᠤᠨ ᠤ ᠲᠥᠰᠦᠪ ᠤᠨ ᠲᠣᠬᠢᠷᠠᠭᠤᠯᠤᠯᠲᠠ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶       ︵ᠭᠤᠷᠪᠠ︶ ᠬᠥᠮᠦᠨ ᠠᠮᠠ ᠶᠢᠨ ᠬᠢᠨᠠᠨ ᠬᠡᠮᠵᠢᠬᠦ ᠠᠵᠢᠯ ᠤᠨ ᠲᠣᠭᠲᠠᠴᠠ ᠶᠢ ᠪᠥᠷᠢᠨᠰᠢᠬᠦᠯᠥᠨ᠎ᠡ᠃ ᠦᠷᠡᠵᠢᠯ ᠤᠨ ᠳᠡᠩᠰᠡᠯᠡᠯᠲᠡ ᠶᠢ ᠰᠦᠯᠵᠢᠶᠡᠨ ᠳᠡᠭᠡᠷ᠎ᠡ ᠭᠦᠢᠴᠡᠳᠭᠡᠬᠦ ᠪᠠ ᠮᠤᠵᠢ ᠠᠯᠤᠰᠯᠠᠨ ᠨᠡᠶᠢᠳᠡᠮ ᠭᠦᠢᠴᠡᠳᠭᠡᠬᠦ ᠶᠢ ᠬᠡᠷᠡᠭᠵᠢᠭᠦᠯᠵᠦ᠂ ᠬᠥᠩᠭᠡᠵᠢᠯᠲᠡ ᠶᠢᠨ ᠠᠨᠠᠭᠠᠬᠤ ᠤᠬᠠᠭᠠᠨ ᠤ ᠭᠡᠷᠡᠴᠢᠯᠡᠯ᠂ ᠬᠡᠤᠬᠡᠳ ᠤᠨ ᠰᠡᠷᠭᠡᠶᠢᠯᠡᠬᠦ ᠲᠠᠷᠢᠯᠭ᠎ᠠ᠂ ᠡᠷᠦᠬᠡ ᠠᠮᠠ ᠶᠢᠨ ᠳᠡᠩᠰᠡᠯᠡᠯᠲᠡ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ᠂ ᠨᠡᠶᠢᠭᠡᠮ ᠤᠨ ᠳᠠᠭᠠᠳᠬᠠᠯ ᠤᠨ ᠺᠠᠷᠲ ᠭᠤᠶᠤᠴᠢᠯᠠᠨ ᠠᠪᠬᠤ ᠵᠡᠷᠭᠡ ︽ᠬᠥᠩᠭᠡᠵᠢᠯᠲᠡ ᠶᠢᠨ ᠨᠢᠭᠡ ᠶᠠᠪᠤᠳᠠᠯ︾ ᠢ ᠬᠠᠮᠲᠤᠷᠠᠨ ᠭᠦᠢᠴᠡᠳᠭᠡᠬᠦ ᠶᠢ ᠠᠬᠢᠭᠤᠯᠤᠨ᠎ᠠ᠃ ᠬᠥᠮᠦᠨ ᠠᠮᠠ ᠶᠢ ᠬᠢᠨᠠᠨ ᠬᠡᠮᠵᠢᠵᠦ ᠪᠦᠷᠢᠳᠬᠡᠬᠦ ᠲᠦᠷᠢᠮ ᠢ ᠲᠡᠭᠦᠯᠳᠡᠷᠵᠢᠭᠦᠯᠵᠦ᠂ ᠬᠥᠮᠦᠨ ᠠᠮᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠰᠢᠨᠡᠳᠬᠡᠵᠦ᠂ ᠬᠥᠮᠦᠨ ᠠᠮᠠ ᠶᠢᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ︶       ᠬᠤᠶᠠᠷ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ       ︵ᠳᠥᠷᠪᠡ︶ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠪᠥᠬᠦ ᠶᠠᠪᠤᠴᠠ ᠶᠢᠨ ᠦᠢᠯᠡᠴᠢᠯᠡᠭᠡ ᠶᠢ ᠰᠠᠶᠢᠵᠢᠷᠠᠭᠤᠯᠤᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠤᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠲᠤᠰᠬᠠᠶ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠷᠡᠵᠢᠯ ᠤᠨ ᠡᠷᠡᠭᠦᠯ ᠮᠡᠨᠳᠦ ᠶᠢᠨ ᠦᠶ᠋ᠯᠡᠴᠢᠯᠡᠭᠡ ᠶᠢ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠥᠬᠦ ᠬᠢᠲᠠᠳ ︵ᠮᠣᠩᠭᠤᠯ︶ ᠡᠮ ᠡᠮᠨᠡᠯᠭᠡ ᠶᠢᠨ ᠡᠬᠡ ᠨᠢᠯᠬᠠᠰ ᠤᠨ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ ᠪᠠ ᠡᠪᠡᠳᠴᠢᠨ ᠡᠮᠭᠡᠭ ᠢ ᠣᠨᠣᠰᠢᠯᠠᠨ ᠡᠮᠨᠡᠬᠦ ᠳᠤᠮᠳᠠᠬᠢ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠥᠩᠭᠡᠵᠢᠭᠦᠯᠬᠦ ᠰᠠᠯᠠᠭ᠎ᠠ᠂ ᠬᠡᠤᠬᠡᠳ ᠤᠨ ᠡᠮᠨᠡᠯᠭᠡ ᠶᠢᠨ ᠬᠢᠲᠠᠳ ︵ᠮᠣᠩᠭᠤᠯ︶ ᠡᠮ ᠡᠮᠨᠡᠯᠭᠡ ᠶᠢᠨ ᠳᠣᠭᠢᠷᠠᠬᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠪᠣᠯᠤᠨ ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠠᠵᠢᠯ ᠢ ᠰᠠᠶᠢᠲᠤᠷ ᠬᠢᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ︶       ︵ᠲᠠᠪᠤ︶ ᠬᠡᠤᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ ᠡᠬᠡ ᠨᠢᠯᠬᠠᠰ ᠤᠨ ᠠᠮᠤᠷ ᠲᠦᠪᠰᠢᠨ ᠤ ᠲᠠᠪᠤᠨ ᠵᠦᠢᠯ ᠤᠨ ᠲᠦᠷᠢᠮ ᠢ ᠬᠡᠷᠡᠭᠵᠢᠭᠦᠯᠵᠦ᠂ ᠡᠬᠡ ᠨᠢᠯᠬᠠᠰ ᠤᠨ ᠠᠮᠤᠷ ᠲᠦᠪᠰᠢᠨ ᠤ ᠠᠵᠢᠯᠯᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠠᠶᠤᠯ ᠶᠡᠬᠡᠲᠡᠶ ᠵᠢᠷᠮᠦᠰᠦᠨ ᠡᠮᠡᠭᠲᠡᠶ ᠶᠢᠨ ᠲᠤᠰᠬᠠᠶ ᠬᠡᠷᠡᠭ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠵᠢᠷᠮᠦᠰᠦᠨ ᠤ ᠲᠦᠭᠰᠢᠭᠦᠷᠢ ᠶᠢ ᠰᠢᠭᠰᠢᠨ ᠪᠠᠶᠢᠴᠠᠭᠠᠬᠤ ᠪᠠ ᠦᠨᠡᠯᠡᠨ ᠵᠢᠱᠢᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠦᠨᠳᠦ ᠲᠦᠭᠰᠢᠭᠦᠷᠢ ᠲᠠᠢ ᠵᠢᠷᠮᠦᠰᠦᠨ ᠡᠮᠡᠭᠲᠡᠶ ᠪᠠ ᠨᠢᠷᠠᠶ ᠬᠡᠤᠬᠡᠳ ᠢ ᠠᠪᠤᠷᠠᠨ ᠵᠠᠰᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠪᠤᠷᠠᠨ ᠵᠠᠰᠠᠬᠤ ᠲᠣᠤᠷ ᠰᠦᠯᠵᠢᠶ᠎ᠡ ᠶᠢ ᠪᠦᠷᠢᠨᠰᠢᠬᠦᠯᠦᠨ᠂ 2025 ᠣᠨ ᠪᠣᠯᠬᠤ ᠳᠤ᠂ ᠡᠯ᠎ᠡ ᠬᠤᠰᠢᠭᠤ ᠰᠢᠶᠠᠨ ᠬᠤᠲᠠ ᠨᠤᠭᠤᠳ ᠪᠠᠷᠢᠮᠵᠢᠶ᠎ᠠ ᠳᠤ ᠬᠦᠷᠦᠭᠰᠡᠨ ᠬᠦᠨᠳᠦ ᠲᠦᠭᠰᠢᠭᠦᠷᠢ ᠲᠠᠢ ᠵᠢᠷᠮᠦᠰᠦᠨ ᠡᠮᠡᠭᠲᠡᠶ ᠪᠠ ᠨᠢᠷᠠᠶ ᠬᠡᠤᠬᠡᠳ ᠢ ᠠᠪᠤᠷᠠᠨ ᠵᠠᠰᠠᠬᠤ ᠲᠥᠪ ᠪᠠ ᠬᠦᠨᠳᠦ ᠲᠦᠭᠰᠢᠭᠦᠷᠢ ᠲᠠᠢ ᠨᠢᠷᠠᠶ ᠬᠡᠤᠬᠡᠳ ᠢ ᠠᠪᠤᠷᠠᠨ ᠵᠠᠰᠠᠬᠤ ᠲᠥᠪ ᠢ ᠨᠠᠭᠠᠳᠤ ᠵᠠᠬ᠎ᠠ ᠳᠠᠭᠠᠨ ᠲᠣᠰ ᠲᠣᠰ 1 ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ︶       ︵ᠵᠢᠷᠭᠤᠭ᠎ᠠ︶ ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠡᠷᠡᠮᠳᠡᠭ ᠲᠦᠷᠦᠭᠦ ᠶᠢ ᠭᠤᠷᠪᠠᠨ ᠱᠠᠲᠤ ᠪᠠᠷ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠡᠷᠡᠮᠳᠡᠭ ᠲᠦᠷᠦᠭᠦ ᠶᠢ ᠰᠡᠷᠭᠡᠶᠢᠯᠡᠨ ᠡᠵᠡᠮᠳᠡᠬᠦ ᠯᠠᠪᠯᠠᠯᠭ᠎ᠠ ᠶᠢ ᠴᠢᠩᠭᠠᠳᠬᠠᠨ᠂ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ᠂ ᠦᠷᠡᠵᠢᠯ ᠤᠨ ᠵᠢᠯᠣᠭᠤᠳᠣᠯᠭ᠎ᠠ ᠶᠢᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢ ᠠᠬᠢᠭᠤᠯᠤᠨ᠎ᠠ᠃ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠ ᠬᠥᠩᠭᠡᠵᠢᠬᠦ ᠠᠴᠠ ᠡᠮᠦᠨᠡᠬᠢ ᠣᠨᠣᠰᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠢᠷᠠᠶ ᠬᠡᠤᠬᠡᠳ ᠤᠨ ᠤᠯᠠᠮᠵᠢᠯᠠᠯᠲᠤ ︽ᠭᠤᠷᠪᠠᠨ ᠡᠪᠡᠳᠴᠢᠨ︾ ᠢ ᠰᠢᠭᠰᠢᠨ ᠪᠠᠶᠢᠴᠠᠭᠠᠬᠤ ᠶᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ︶       ︵ᠳᠣᠯᠤᠭ᠎ᠠ︶ ᠬᠡᠷ ᠪᠦᠯᠢ ᠶᠢᠨ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠢᠮᠠᠭ ᠤᠨ ᠲᠠᠰ ᠤᠨ ᠬᠡᠤᠬᠡᠳ ᠤᠨ ᠰᠠᠯᠠᠭ᠎ᠠ ᠶᠢᠨ ᠶᠠᠰᠤ ᠴᠢᠨᠠᠷ ᠢ ᠡᠵᠡᠮᠳᠡᠬᠦ ᠲᠣᠤᠷ ᠰᠦᠯᠵᠢᠶ᠎ᠡ ᠶᠢ ᠪᠦᠷᠢᠨᠰᠢᠬᠦᠯᠦᠨ᠂ ᠮᠠᠨ ᠤ ᠠᠶᠢᠮᠠᠭ ᠤᠨ ᠬᠡᠤᠬᠡᠳ ᠤᠨ ᠰᠠᠯᠠᠭ᠎ᠠ ᠶᠢᠨ ᠰᠢᠨᠵᠢᠯᠡᠭᠡᠨ ᠤ ᠰᠠᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠡᠤᠬᠡᠳ ᠤᠨ ᠡᠷᠡᠭᠦᠯᠵᠢᠯ ᠤᠨ ᠡᠭᠦᠳᠡᠨ ᠡᠮᠨᠡᠯᠭᠡ ᠶᠢᠨ ᠪᠠᠷᠢᠮᠵᠢᠶᠠᠵᠢᠭᠤᠯᠤᠯᠲᠠ ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ᠂ ᠰᠢᠮ᠎ᠡ ᠲᠡᠵᠢᠭᠡᠯ ᠲᠡᠩᠴᠡᠭᠦᠷᠢ ᠥᠬᠡᠶ᠂ ᠰᠢᠳᠦ ᠬᠤᠷᠣᠬᠠᠶᠢᠲᠤᠬᠤ ᠵᠡᠷᠭᠡ ᠲᠦᠭᠰᠢᠭᠦᠷᠢ ᠶᠢᠨ ᠬᠦᠴᠦᠨ ᠵᠦᠢᠯ ᠪᠠ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ᠂ ᠣᠨᠣᠰᠢᠯᠠᠬᠤ᠂ ᠬᠠᠮᠢᠶᠠᠷᠬᠤ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠬᠡᠤᠬᠡᠳ ᠪᠤᠶᠢᠵᠢᠭᠤᠯᠬᠤ ᠮᠡᠳᠡᠯᠭᠡ ᠪᠠ ᠮᠡᠷᠭᠡᠵᠢᠯ ᠴᠢᠳᠠᠪᠤᠷᠢ ᠶᠢ ᠲᠦᠭᠡᠮᠡᠯᠵᠢᠭᠦᠯᠵᠦ᠂ ᠨᠡᠶᠢᠭᠡᠮ ᠲᠣᠭᠤᠷᠢᠭ ᠤᠨ ᠬᠡᠷ ᠪᠦᠯᠢ ᠶᠢᠨ ᠬᠡᠤᠬᠡᠳ ᠪᠤᠶᠢᠵᠢᠭᠤᠯᠬᠤ ᠵᠢᠯᠣᠭᠤᠳᠬᠤ ᠥᠷᠲᠡᠭᠡ ᠶᠢ ᠪᠠᠶᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠢᠨᠵᠢᠯᠡᠬᠦ ᠤᠬᠠᠭᠠᠨᠴᠢ ᠪᠠᠷ ᠬᠡᠤᠬᠡᠳ ᠪᠤᠶᠢᠵᠢᠭᠤᠯᠬᠤ ᠵᠢᠯᠣᠭᠤᠳᠣᠯᠭ᠎ᠠ ᠶᠢ ᠬᠠᠩᠭᠠᠨ᠎ᠠ᠃ ᠨᠡᠶᠢᠭᠡᠮ ᠲᠣᠭᠤᠷᠢᠭ ᠤᠨ ᠬᠡᠷ ᠪᠦᠯᠢ ᠶᠢᠨ ᠬᠠᠮᠲᠤᠷᠠᠨ ᠬᠥᠳᠡᠯᠦᠯᠴᠡᠵᠦ ᠬᠠᠮᠵᠢᠯᠴᠠᠨ ᠬᠡᠤᠬᠡᠳ ᠪᠤᠶᠢᠵᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠷ ᠪᠦᠯᠢ ᠪᠠᠷ ᠨᠢᠭᠡᠴᠢ ᠪᠣᠯᠭᠠᠨ ᠵᠢᠷᠮᠦᠰᠦᠯᠡᠵᠦ ᠲᠣᠷᠨᠢᠭᠤᠨ ᠲᠥᠷᠥᠭᠦᠯᠵᠦ ᠲᠣᠷᠨᠢᠭᠤᠨ ᠥᠰᠬᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠶᠢ ᠴᠢᠩᠭᠠᠳᠬᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠶᠢᠮᠠᠭ ᠤᠨ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠠᠶᠢᠮᠠᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ︶       ᠭᠤᠷᠪᠠ᠂ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ       ︵ᠨᠠᠢᠮᠠ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠠᠵᠤ ᠠᠬᠤᠶ ᠨᠡᠶᠢᠭᠡᠮ ᠤᠨ ᠬᠥᠭᠵᠢᠯᠲᠡ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠤᠰᠬᠠᠶ ᠵᠦᠢᠯ ᠤᠨ ᠲᠥᠯᠥᠪᠵᠢᠭᠦᠯᠭᠡ ᠳᠤ ᠣᠷᠣᠭᠤᠯᠤᠨ᠎ᠠ᠃ 2025 ᠣᠨ ᠪᠣᠯᠬᠤ ᠳᠤ᠂ ᠠᠶᠢᠮᠠᠭ ᠤᠨ ᠱᠠᠲᠤᠨ ᠳᠤ ᠪᠠᠷᠢᠮᠵᠢᠶᠠᠵᠢᠭᠤᠯᠤᠭᠰᠠᠨ ᠬᠡᠤᠬᠡᠳ ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ 1 ᠪᠠᠶᠢᠭᠤᠯᠵᠤ᠂ ᠬᠤᠰᠢᠭᠤ ᠰᠢᠶᠠᠨ ᠬᠤᠲᠠ ᠨᠢᠭᠡᠪᠦᠷᠢ ᠳᠤ ᠠᠯᠪᠠᠨ ᠠᠴᠠ ᠡᠷᠭᠢᠯᠡᠭᠰᠡᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠠᠳᠠᠭ ᠲᠠᠭᠠᠨ 2 ᠪᠠᠶᠢᠭᠤᠯᠤᠨ᠎ᠠ᠃ ᠣᠯᠠᠨ ᠲᠦᠮᠡᠨ ᠤ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠷ ᠶᠡᠭᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠨᠡᠶᠢᠳᠡᠮ ᠬᠠᠷᠠᠭᠠᠯᠵᠠᠬᠤ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠲᠠᠯᠠᠪᠤᠷ ᠭᠠᠵᠠᠷ ᠢ ᠪᠥᠲᠥᠭᠡᠨ ᠪᠠᠶᠢᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠪᠠᠷ ᠨᠡᠶᠢᠳᠡᠮ ᠠᠰᠢᠭ ᠬᠦᠷᠲᠡᠭᠡᠬᠦ ᠨᠠᠶᠢᠳᠠᠨ ᠬᠥᠮᠦᠵᠢᠭᠦᠯᠬᠦ ᠬᠥᠭᠵᠢᠯᠲᠡ ᠶᠢ ᠳᠡᠮᠵᠢᠬᠦ ᠵᠦᠢᠯᠡᠰ ᠢ ᠢᠳᠡᠪᠬᠢᠲᠡᠶ ᠪᠠᠷ ᠮᠡᠳᠡᠭᠦᠯᠦᠨ᠎ᠡ᠃ ᠬᠡᠤᠬᠡᠳ ᠰᠠᠭᠠᠲᠠᠭᠤᠯᠬᠤ ᠪᠠᠶᠢᠭᠤᠯᠤᠮᠵᠢ ᠪᠠ  ᠲᠦᠬᠦᠭᠡᠷᠣᠮᠵᠢ ᠶᠢᠨ ᠰᠢᠨ᠎ᠡ ᠪᠠᠷ ᠨᠡᠮᠡᠭᠳᠡᠭᠦᠯᠬᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠭᠦᠢᠴᠡᠳᠭᠡᠯ ᠲᠤᠭ᠎ᠠ ᠶᠢ ᠤᠷᠢᠳᠠᠪᠠᠷ ᠨᠠᠶᠢᠳᠠᠪᠤᠷᠢᠵᠢᠭᠤᠯᠵᠤ᠂ ︽ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ ᠤᠨ ᠭᠠᠷᠴᠠᠭ︾ ᠲᠤ ᠨᠡᠶᠢᠴᠡᠬᠦ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠦᠬᠦᠭᠡᠷᠣᠮᠵᠢ ᠪᠠ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠰᠠᠯᠭᠠᠬᠤ ᠠᠷᠭ᠎ᠠ ᠮᠠᠶ᠋ᠢᠭ ᠢᠶᠠᠷ ᠪᠠᠲᠤᠯᠠᠨ᠎ᠠ᠃ ᠨᠠᠶᠢᠳᠠᠨ ᠬᠥᠮᠦᠵᠢᠭᠦᠯᠬᠦ ᠪᠠᠶᠢᠭᠤᠯᠤᠮᠵᠢ᠂ ᠨᠡᠶᠢᠭᠡᠮ ᠲᠣᠭᠤᠷᠢᠭ᠂ ᠬᠡᠷ ᠪᠦᠯᠢ ᠶᠢᠨ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠦᠢᠯᠡᠰ ᠤᠨ ᠬᠡᠷᠡᠭᠯᠡᠬᠦ ᠤᠰᠤ᠂ ᠴᠠᠬᠢᠯᠭᠠᠨ᠂ ᠬᠡᠶ ᠳᠤ ᠰᠠᠭᠤᠭᠠᠯᠢ ᠠᠷᠠᠳ ᠤᠨ ᠠᠮᠢᠳᠤᠷᠠᠯ ᠤᠨ ᠲᠥᠷᠥᠯ ᠤᠨ ᠦᠨ᠎ᠡ ᠬᠠᠩᠰᠢ ᠶᠢ ᠬᠡᠷᠡᠭᠵᠢᠭᠦᠯᠵᠦ᠂ ᠨᠢᠭᠡᠨᠲᠡ ᠳᠠᠩᠰᠠᠯᠠᠭᠤᠯᠤᠭᠰᠠᠨ ᠪᠥᠭᠡᠳ ᠵᠢᠷᠤᠮᠵᠢᠭᠤᠯᠤᠨ ᠡᠵᠡᠩᠨᠡᠭᠰᠡᠨ ᠨᠠᠶᠢᠳᠠᠨ ᠬᠥᠮᠦᠵᠢᠭᠦᠯᠬᠦ ᠪᠠᠶᠢᠭᠤᠯᠤᠮᠵᠢ ᠳᠤ ᠪᠥᠲᠥᠭᠡᠨ ᠪᠠᠶᠢᠭᠤᠯᠤᠯᠲᠠ᠂ ᠡᠵᠡᠩᠨᠡᠯᠲᠡ ᠶᠢᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠣᠯᠭᠤᠵᠤ᠂ ᠬᠡᠷᠡᠭᠰᠡᠬᠦ ᠪᠠᠯᠠ ᠮᠥᠩᠭᠦ ᠶᠢ ᠠᠶᠢᠮᠠᠭ ᠬᠤᠰᠢᠭᠤ ᠬᠤᠶᠠᠷ ᠱᠠᠲᠤᠨ ᠠᠴᠠ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠠᠳᠠᠯᠢ ᠱᠠᠲᠤᠨ ᠤ ᠲᠥᠰᠦᠪ ᠤᠨ ᠲᠣᠬᠢᠷᠠᠭᠤᠯᠤᠯᠲᠠ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠢᠩᠭᠠᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ︶       ︵ᠶᠢᠰᠦ︶ ᠨᠡᠶᠢᠳᠡᠮ ᠬᠠᠷᠠᠭᠠᠯᠵᠠᠵᠤ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠡᠤᠬᠡᠳ ᠰᠠᠭᠠᠲᠠᠭᠤᠯᠬᠤ ᠦᠢᠯᠡᠴᠢᠯᠡᠭᠡ ᠶᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠵᠤ᠂ ᠡᠯ᠎ᠡ ᠭᠠᠵᠠᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠣᠮᠵᠢ ᠵᠢᠴᠢ ᠰᠤᠯᠠ ᠪᠠᠶᠢᠭ᠎ᠠ ᠡᠬᠢ ᠪᠠᠶᠠᠯᠢᠭ ᠢ ᠠᠰᠢᠭᠯᠠᠨ᠂ ᠨᠠᠶᠢᠳᠠᠬᠤ ᠪᠤᠶᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠬᠡᠤᠬᠡᠳ ᠰᠠᠭᠠᠲᠠᠭᠤᠯᠬᠤ ᠪᠠᠶᠢᠭᠤᠯᠤᠮᠵᠢ ᠡᠷᠭᠢᠯᠡᠬᠦ ᠶᠢ ᠠᠬᠢᠭᠤᠯᠵᠤ᠂ ︽15 ᠮᠢᠨᠦ᠋ᠲ︾ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ 2025 ᠣᠨ ᠪᠣᠯᠬᠤ ᠳᠤ᠂ ᠪᠥᠬᠦ ᠠᠶᠢᠮᠠᠭ ᠤᠨ ᠬᠤᠲᠠ ᠶᠢᠨ ᠨᠡᠶᠢᠭᠡᠮ ᠲᠣᠭᠤᠷᠢᠭ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ︵ᠬᠡᠤᠬᠡᠳ ᠰᠠᠭᠠᠲᠠᠭᠤᠯᠬᠤ ᠪᠠᠶᠢᠭᠤᠯᠤᠮᠵᠢ᠂ ᠬᠡᠤᠬᠡᠳ ᠤᠨ ᠴᠡᠴᠡᠷᠯᠢᠭ ᠤᠨ ᠬᠡᠤᠬᠡᠳ ᠰᠠᠭᠠᠲᠠᠭᠤᠯᠬᠤ ᠠᠩᠭᠢ᠂ ᠬᠡᠷ ᠪᠦᠯᠢ ᠶᠢᠨ ᠬᠡᠤᠬᠡᠳ ᠰᠠᠭᠠᠲᠠᠭᠤᠯᠬᠤ ᠴᠢᠬ ᠵᠡᠷᠭᠡ︶ ᠤ ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠦᠨ᠎ᠡ᠃ ᠨᠥᠬᠦᠴᠡᠯ ᠲᠠᠢ ᠬᠡᠤᠬᠡᠳ ᠤᠨ ᠴᠡᠴᠡᠷᠯᠢᠭ ᠲᠤ 2 — 3 ᠨᠠᠰᠤᠨ ᠤ ᠨᠢᠯᠬ᠎ᠠ ᠬᠡᠤᠬᠡᠳ ᠤᠨ ᠴᠡᠴᠡᠷᠯᠢᠭ ᠤᠨ ᠠᠩᠭᠢ ᠡᠷᠭᠢᠯᠡᠬᠦ ᠶᠢ ᠠᠬᠢᠭᠤᠯᠤᠨ᠎ᠠ᠃ ᠬᠡᠷ ᠪᠦᠯᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠥᠪ ᠢ ᠭᠦᠶ᠋ᠴᠡᠳ ᠠᠰᠢᠭᠯᠠᠨ᠂ ᠬᠡᠷ ᠪᠦᠯᠢ ᠶᠢᠨ ᠰᠢᠨᠵᠢᠯᠡᠬᠦ ᠤᠬᠠᠭᠠᠨᠴᠢ ᠪᠠᠷ ᠬᠡᠤᠬᠡᠳ ᠪᠤᠶᠢᠵᠢᠭᠤᠯᠬᠤ ᠶᠢ ᠵᠢᠯᠣᠭᠤᠳᠴᠤ᠂ ᠦᠶ᠎ᠡ ᠠᠯᠤᠰᠯᠠᠨ ᠬᠠᠷᠠᠭᠠᠯᠵᠠᠬᠤ᠂ ᠬᠡᠷ ᠪᠦᠯᠢ ᠶᠢᠨ ᠬᠠᠷᠢᠯᠴᠠᠨ ᠬᠠᠪᠰᠤᠷᠤᠯᠴᠠᠬᠤ ᠵᠡᠷᠭᠡ ᠬᠠᠷᠠᠭᠠᠯᠵᠠᠨ ᠠᠰᠠᠷᠠᠬᠤ ᠵᠠᠭᠪᠤᠷ ᠤᠨ ᠬᠥᠭᠵᠢᠯᠲᠡ ᠶᠢ ᠳᠡᠮᠵᠢᠨ᠎ᠡ᠃ ᠬᠦᠷᠢᠶᠡᠯᠡᠩ ᠲᠣᠭᠤᠷᠢᠭ᠂ ᠨᠥᠬᠦᠴᠡᠯ ᠲᠠᠢ ᠬᠥᠮᠦᠨ ᠬᠡᠷᠡᠭᠯᠡᠬᠦ ᠨᠢᠭᠡᠴᠢ ᠶᠢᠨ ᠪᠦᠬᠦᠯᠢ ᠡᠳᠦᠷ ᠤᠨ ᠨᠠᠶᠢᠳᠠᠯᠭ᠎ᠠ᠂ ᠬᠠᠭᠠᠰ ᠡᠳᠦᠷ ᠤᠨ ᠨᠠᠶᠢᠳᠠᠯᠭ᠎ᠠ᠂ ᠴᠠᠭ ᠢᠶᠠᠷ ᠪᠤᠳᠤᠬᠤ ᠨᠠᠶᠢᠳᠠᠯᠭ᠎ᠠ᠂ ᠲᠦᠷ ᠴᠠᠭ ᠤᠨ ᠨᠠᠶᠢᠳᠠᠯᠭ᠎ᠠ ᠵᠡᠷᠭᠡ ᠣᠯᠠᠨ ᠶᠠᠩᠵᠤ ᠶᠢᠨ ᠨᠠᠶᠢᠳᠠᠨ ᠬᠥᠮᠦᠵᠢᠭᠦᠯᠬᠦ ᠣᠶᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠨᠥᠬᠦᠴᠡᠯ ᠲᠠᠢ ᠪᠣᠯ ᠰᠠᠭᠤᠭᠠᠯᠢ ᠠᠷᠠᠳ ᠲᠤ ᠴᠢᠯᠥᠭᠡᠲᠡᠶ ᠨᠡᠭᠡᠭᠡᠵᠦ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠶᠢᠮᠠᠭ ᠤᠨ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ︶       ︵ᠠᠷᠪᠠ︶ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠵᠤ᠂ ᠡᠯ᠎ᠡ ᠭᠠᠵᠠᠷ ᠤᠨ ᠬᠢᠨ ᠤ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ︽ᠡᠮᠨᠡᠬᠦ ᠪᠠ ᠪᠤᠶᠢᠵᠢᠭᠤᠯᠬᠤ ᠶᠢ ᠤᠶᠠᠯᠳᠤᠭᠤᠯᠬᠤ︾ ᠦᠢᠯᠡᠴᠢᠯᠡᠭᠡᠨ ᠤ ᠵᠠᠭᠪᠤᠷ ᠢ ᠬᠥᠭᠵᠢᠭᠦᠯᠵᠦ᠂ ᠨᠢᠯᠬ᠎ᠠ ᠬᠡᠤᠬᠡᠳ ᠢ ᠥᠰᠬᠡᠨ ᠪᠤᠶᠢᠵᠢᠭᠤᠯᠬᠤ᠂ ᠠᠰᠠᠷᠠᠨ ᠪᠤᠶᠢᠵᠢᠭᠤᠯᠬᠤ ᠶᠢ ᠠᠬᠢᠭᠤᠯᠤᠨ᠂ ᠰᠤᠷᠭᠠᠨ ᠬᠥᠮᠦᠵᠢᠯ ᠢ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠡᠷᠡᠭᠦᠯ ᠮᠡᠨᠳᠦ ᠶᠢᠨ ᠬᠠᠮᠢᠶᠠᠷᠤᠯᠲᠠ᠂ ᠠᠩᠬᠠᠨ ᠤ ᠬᠤᠭᠤᠴᠠᠭᠠᠨ ᠤ ᠬᠥᠭᠵᠢᠯᠲᠡ ᠯᠦᠭᠡ ᠣᠷᠭᠠᠨᠢᠭ ᠢᠶᠠᠷ ᠤᠶᠠᠯᠳᠤᠭᠤᠯᠤᠨ᠎ᠠ᠃ ᠨᠠᠶᠢᠳᠠᠨ ᠬᠥᠮᠦᠵᠢᠭᠦᠯᠬᠦ ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠬᠤ ᠲᠥᠯᠥᠪᠵᠢᠭᠦᠯᠭᠡ ᠶᠢ ᠨᠠᠶᠢᠷᠠᠭᠤᠯᠤᠨ ᠬᠡᠷᠡᠭᠵᠢᠭᠦᠯᠵᠦ᠂ ᠨᠠᠶᠢᠳᠠᠨ ᠬᠥᠮᠦᠵᠢᠭᠦᠯᠬᠦ ᠴᠢᠳᠠᠪᠤᠷᠢᠲᠠᠨ ᠤ ᠡᠩᠨᠡᠭᠡ ᠶᠢ ᠣᠯᠠᠨ ᠠᠷᠭ᠎ᠠ ᠵᠠᠮ ᠢᠶᠠᠷ ᠲᠡᠭᠦᠯᠳᠡᠷᠵᠢᠭᠦᠯᠦᠨ᠎ᠡ᠃ ᠬᠤᠯᠪᠣᠭᠳᠠᠯ ᠪᠥᠬᠦᠶ ᠡᠩ ᠤᠨ ᠳᠡᠭᠡᠳᠦ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠡᠤᠬᠡᠳ ᠤᠨ ᠠᠰᠠᠷᠠᠨ ᠬᠥᠮᠦᠵᠢᠭᠦᠯᠬᠦ᠂ ᠨᠢᠯᠬ᠎ᠠ ᠬᠡᠤᠬᠡᠳ ᠤᠨ ᠠᠰᠠᠷᠠᠨ ᠬᠥᠮᠦᠵᠢᠭᠦᠯᠬᠦ ᠬᠠᠮᠢᠶ᠎ᠠ ᠪᠥᠬᠦᠶ ᠲᠤᠰᠬᠠᠶ ᠮᠡᠷᠭᠡᠵᠢᠯ ᠨᠡᠭᠡᠭᠡᠬᠦ ᠶᠢ ᠳᠡᠮᠵᠢᠬᠦ ᠬᠡᠷᠡᠭᠲᠡᠶ᠃ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠦᠭᠯᠡᠭᠦᠷ᠂ ᠭᠠᠯ ᠤᠨᠲᠠᠷᠠᠭᠠᠬᠤ ᠠᠮᠤᠷ ᠲᠦᠪᠰᠢᠨ ᠤ ᠵᠦᠭᠯᠡᠭᠦᠷ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠢᠯᠬ᠎ᠠ ᠬᠡᠤᠬᠡᠳ ᠤᠨ ᠡᠷᠡᠭᠦᠯ ᠮᠡᠨᠳᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠬᠤ ᠬᠡᠷᠡᠭᠲᠡᠶ᠃ ᠡᠯ᠎ᠡ ᠱᠠᠲᠤᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠨ ᠬᠥᠮᠦᠵᠢᠭᠦᠯᠬᠦ ᠪᠠᠶᠢᠭᠤᠯᠤᠮᠵᠢ ᠶᠢ ᠳᠠᠩᠰᠠᠯᠠᠬᠤ ᠪᠠ ᠳᠠᠩᠰᠠᠯᠠᠬᠤ ᠵᠡᠷᠭᠡ ᠲᠦᠷᠢᠮ ᠢ ᠲᠡᠭᠦᠯᠳᠡᠷᠵᠢᠭᠦᠯᠦᠨ᠎ᠡ᠃ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢ ᠬᠠᠭᠠᠵᠤ ᠵᠣᠭᠰᠣᠭᠠᠬᠤ ᠵᠡᠷᠭᠡ ᠣᠨᠴᠣᠭᠤᠶ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ︶       ᠳᠥᠷᠪᠡ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠡᠮᠬᠢ ᠵᠢᠷᠤᠮ ᠲᠠᠢ ᠪᠤᠯᠭᠠᠨ᠎ᠠ᠃       ︵ᠠᠷᠪᠠᠨ ᠨᠢᠭᠡ︶ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢ ᠪᠥᠬᠦ ᠲᠠᠯ᠎ᠠ ᠪᠠᠷ ᠬᠠᠪᠰᠤᠷᠤᠨ ᠲᠡᠳᠬᠦᠬᠦ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠎ᠡ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠲᠣᠬᠢᠲᠠᠶ ᠰᠢᠢᠳᠪᠦᠷᠢᠯᠡᠵᠦ᠂ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢᠨ ᠡᠯ᠎ᠡ ᠵᠦᠢᠯ ᠤᠨ ᠱᠠᠩᠨᠠᠨ ᠲᠡᠳᠬᠦᠬᠦ ᠲᠦᠷᠢᠮ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢ ᠬᠠᠪᠰᠤᠷᠤᠨ ᠲᠡᠳᠬᠦᠨ᠎ᠡ᠃ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢᠨ ︽ᠭᠤᠷᠪᠠ ᠶᠢ ᠪᠦᠷᠢᠨ ᠪᠥᠷᠬᠦᠭᠦᠯᠬᠦ︾ ᠲᠦᠷᠢᠮ ᠢ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢᠨ ᠪᠦᠷᠢᠯᠳᠦᠬᠦᠨ ᠢ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠰᠠᠭᠤᠯᠭᠠᠬᠤ ᠪᠠᠷ ᠤᠷᠢᠳᠠᠪᠠᠷ ᠳᠣᠭᠢᠷᠠᠭᠤᠯᠤᠨ᠎ᠠ᠃ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠳᠤ ᠤᠷᠢᠳᠠᠪᠠᠷ ᠣᠷᠣᠨ ᠰᠠᠭᠤᠴᠠ ᠶᠢᠨ ᠪᠠᠲᠤᠯᠠᠭ᠎ᠠ ᠣᠯᠭᠤᠨ᠎ᠠ᠃ ᠦᠷ᠎ᠡ ᠶᠢᠨ ᠭᠠᠭᠴᠠ ᠬᠡᠤᠬᠡᠳ ᠲᠠᠢ ᠡᠴᠢᠭᠡ ᠡᠬᠡ ᠨᠢ ᠡᠪᠡᠳᠴᠢᠯᠡᠭᠡᠳ ᠡᠮᠨᠡᠯᠭᠡ ᠳᠤ ᠰᠠᠭᠤᠬᠤ ᠬᠤᠭᠤᠴᠠᠭᠠᠨ ᠳᠠᠬᠢ ᠰᠤᠪᠢᠯᠠᠯᠲᠠ ᠶᠢᠨ ᠴᠢᠯᠥᠭᠡᠨ ᠤ ᠬᠢᠷᠢ ᠬᠡᠮ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠪᠯᠡᠭᠡᠲᠦ ᠦᠷᠡᠵᠢᠯ ᠤᠨ ᠣᠨᠴᠣᠭᠤᠶ ᠬᠡᠷ ᠪᠦᠯᠢ ᠶᠢᠨ ᠨᠠᠶᠢᠳᠠᠯᠭ᠎ᠠ ᠶᠢ ᠭᠥᠯᠢᠶᠡᠨ ᠠᠪᠬᠤ ᠶᠢ ᠳᠡᠮᠵᠢᠵᠦ᠂ ᠠᠮᠢᠳᠤᠷᠠᠯ ᠤᠨ ᠬᠠᠷᠠᠭᠠᠯᠵᠠᠯ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠦᠢᠯᠡᠴᠢᠯᠡᠭᠡᠨ ᠢ ᠥᠷᠨᠢᠭᠦᠯᠵᠦ᠂ ᠨᠠᠰᠤᠵᠢᠯ ᠤᠨ ᠪᠠᠶᠢᠭᠤᠯᠤᠮᠵᠢ ᠳᠤ ᠣᠷᠣᠵᠤ ᠰᠠᠭᠤᠬᠤ᠂ ᠡᠪᠡᠳᠴᠢᠨ ᠦᠵᠡᠭᠦᠯᠵᠦ ᠠᠰᠠᠷᠠᠨ ᠰᠤᠪᠢᠯᠠᠬᠤ ᠵᠡᠷᠭᠡ ᠬᠡᠷᠡᠭ ᠶᠠᠪᠤᠳᠠᠯ ᠢ ᠬᠠᠤᠯᠢ ᠶᠣᠰᠣᠭᠠᠷ ᠣᠷᠣᠯᠠᠨ ᠭᠦᠢᠴᠡᠳᠭᠡᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶       ︵ᠠᠷᠪᠠᠨ ᠬᠤᠶᠠᠷ︶ ᠭᠠᠶᠢᠯᠢ ᠲᠠᠲᠠᠪᠤᠷᠢ᠂ ᠣᠷᠣᠨ ᠰᠠᠭᠤᠴᠠ ᠵᠡᠷᠭᠡ ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠴᠢᠩᠭᠠᠳᠬᠠᠨ᠎ᠠ᠃ 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠵᠠᠷᠤᠳᠠᠯ ᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠶᠢ ᠬᠠᠰᠤᠵᠤ ᠭᠠᠷᠭᠠᠬᠤ ᠲᠥᠷᠥ ᠶᠢᠨ ᠪᠠᠩᠬᠢ ᠶᠢᠨ ᠪᠠᠶᠢᠭᠤᠯᠤᠮᠵᠢ ᠶᠢᠨ ᠬᠠᠮᠢᠶ᠎ᠠ ᠪᠥᠬᠦᠶ ᠨᠥᠬᠦᠴᠡᠯ ᠳᠤ ᠨᠡᠶᠢᠴᠡᠬᠦ ᠣᠷᠤᠭ ᠪᠦᠷᠢᠳᠬᠡᠭᠦᠯᠦᠭᠰᠡᠨ ᠡᠷ᠎ᠡ ᠡᠮ᠎ᠡ ᠳᠤ ᠣᠷᠤᠭ ᠦᠷᠡᠵᠢᠯ ᠤᠨ ᠬᠡᠷᠡᠭᠯᠡᠭᠡᠨ ᠤ ᠵᠢᠭᠡᠯᠡᠯᠭᠡ ᠬᠠᠩᠭᠠᠬᠤ ᠶᠢ ᠳᠡᠮᠵᠢᠨ᠎ᠡ᠃ ᠨᠥᠬᠦᠴᠡᠯ ᠳᠤ ᠨᠡᠶᠢᠴᠡᠬᠦ ᠬᠥᠮᠦᠨ ᠬᠡᠷᠡᠭᠯᠡᠬᠦ ᠨᠢᠭᠡᠴᠢ ᠵᠢᠴᠢ ᠠᠵᠢᠯᠲᠠᠨ ᠠᠵᠢᠯᠴᠢᠨ ᠢ ᠦᠷᠡᠵᠢᠯ ᠤᠨ ᠳᠠᠭᠠᠳᠬᠠᠯ ᠤᠨ ᠬᠠᠮᠤᠷᠬᠤ ᠬᠡᠪᠴᠢᠶᠡᠨ ᠳᠤ ᠣᠷᠣᠭᠤᠯᠤᠨ᠎ᠠ᠃ ᠡᠮᠡᠭᠲᠡᠶ ᠠᠵᠢᠯᠲᠠᠨ ᠠᠵᠢᠯᠴᠢᠨ ᠤ ᠭᠤᠷᠪᠠᠨ ᠬᠡᠤᠬᠡᠳ ᠠᠪᠤᠭᠰᠠᠨ ᠵᠠᠷᠤᠳᠠᠯ ᠢ ᠦᠷᠡᠵᠢᠯ ᠤᠨ ᠳᠠᠭᠠᠳᠬᠠᠯ ᠤᠨ ᠬᠠᠷᠠᠭᠠᠯᠵᠠᠯ ᠣᠯᠭᠤᠬᠤ ᠬᠡᠪᠴᠢᠶᠡᠨ ᠳᠤ ᠣᠷᠣᠭᠤᠯᠤᠨ᠎ᠠ᠃ ᠠᠵᠢᠯᠲᠠᠨ ᠠᠵᠢᠯᠴᠢᠨ ᠤ ᠦᠷᠡᠵᠢᠯ ᠤᠨ ᠨᠡᠮᠡᠭᠦᠷᠢ ᠶᠢ ᠭᠤᠶᠤᠴᠢᠯᠠᠨ ᠠᠪᠬᠤ ᠭᠠᠷᠳᠠᠮ ᠢ ᠳᠥᠭᠦᠮᠴᠢᠯᠡᠵᠦ᠂ ᠦᠷᠡᠵᠢᠯ ᠤᠨ ᠨᠡᠮᠡᠭᠦᠷᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠬᠡᠷᠡᠭᠲᠡᠶ᠃ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠵᠤ ᠬᠥᠩᠭᠡᠵᠢᠬᠦ ᠡᠮ ᠬᠡᠤᠬᠡᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠰᠠᠶ᠋ᠢ ᠲᠥᠷᠥᠭᠰᠡᠨ ᠬᠡᠤᠬᠡᠳ ᠢ ᠲᠥᠷᠥᠭᠰᠡᠨ ᠤ ᠳᠠᠷᠠᠭᠠᠬᠢ 90 ᠡᠳᠦᠷ ᠤᠨ ᠳᠣᠲᠣᠷ᠎ᠠ ᠬᠢᠨᠠᠨ ᠬᠠᠮᠠᠭᠠᠯᠠᠭᠴᠢ ᠨᠢ ᠲᠥᠷᠥᠭᠰᠡᠨ ᠲᠤᠬᠠᠶ ᠶᠢᠨ ᠵᠢᠯ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠲᠤᠰᠢᠶᠠᠭᠰᠠᠨ ᠤ ᠳᠠᠷᠠᠭ᠎ᠠ᠂ ᠲᠥᠷᠥᠭᠰᠡᠨ ᠡᠳᠦᠷ ᠠᠴᠠ ᠪᠠᠨ ᠡᠬᠢᠯᠡᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠢ ᠴᠥᠮ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠳᠤ ᠣᠷᠣᠭᠤᠯᠵᠤ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠯᠤᠰ ᠤᠨ ᠮᠥᠩᠭᠦᠨ ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠢᠩᠭᠠᠨ ᠬᠢᠨᠠᠨ ᠬᠠᠮᠢᠶᠠᠷᠬᠤ ᠬᠤᠪᠢᠶᠠᠷᠢ ᠲᠣᠪᠴᠢᠶ᠎ᠠ︶       ︵ᠠᠷᠪᠠᠨ ᠭᠤᠷᠪᠠ︶ ᠡᠮᠡᠭᠲᠡᠶ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠠᠶᠢᠮᠠᠭ ᠤᠨ ᠳᠣᠲᠣᠭᠠᠳᠤ ᠳᠤ ᠨᠢᠭᠡᠳᠦᠭᠡᠷ᠂ ᠬᠤᠶᠠᠳᠤᠭᠠᠷ ᠬᠡᠤᠬᠡᠳ ᠠᠪᠤᠭᠰᠠᠨ ᠡᠮᠡᠭᠲᠡᠶ ᠠᠵᠢᠯᠲᠠᠨ ᠠᠵᠢᠯᠴᠢᠨ 98 ᠡᠳᠦᠷ ᠤᠨ ᠬᠥᠩᠭᠡᠵᠢᠯᠲᠡ ᠶᠢᠨ ᠴᠢᠯᠥᠭᠡ ᠠᠪᠤᠭᠰᠠᠨ ᠰᠠᠭᠤᠷᠢᠨ ᠳᠡᠭᠡᠷ᠎ᠡ 60 ᠡᠳᠦᠷ ᠤᠨ ᠬᠥᠩᠭᠡᠵᠢᠯᠲᠡ ᠶᠢᠨ ᠴᠢᠯᠥᠭᠡ ᠨᠡᠮᠡᠵᠦ᠂ ᠭᠤᠷᠪᠠᠳᠤᠭᠠᠷ ᠬᠡᠤᠬᠡᠳ ᠠᠪᠤᠭᠰᠠᠨ ᠪᠠᠶᠢᠪᠠᠯ 90 ᠡᠳᠦᠷ ᠤᠨ ᠬᠥᠩᠭᠡᠵᠢᠯᠲᠡ ᠶᠢᠨ ᠴᠢᠯᠥᠭᠡ ᠨᠡᠮᠡᠵᠦ ᠥᠭᠭᠦᠨ᠎ᠡ︔ ᠬᠤᠯᠪᠣᠰᠤ ᠨᠢ 25 ᠡᠳᠦᠷ ᠤᠨ ᠴᠢᠯᠥᠭᠡ ᠠᠪᠤᠨ᠎ᠠ᠃ 0 — 3 ᠨᠠᠰᠤᠨ ᠤ ᠡᠴᠢᠭᠡ ᠡᠬᠡ ᠶᠢᠨ ᠬᠡᠤᠬᠡᠳ ᠪᠤᠶᠢᠵᠢᠭᠤᠯᠬᠤ ᠴᠢᠯᠥᠭᠡᠨ ᠤ ᠲᠦᠷᠢᠮ ᠢ ᠬᠡᠷᠡᠭᠵᠢᠭᠦᠯᠵᠦ᠂ ᠠᠶᠢᠮᠠᠭ ᠤᠨ ᠳᠣᠲᠣᠭᠠᠳᠤ ᠳᠤ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠤᠬᠡᠳ ᠠᠪᠤᠭᠰᠠᠨ ᠡᠷ᠎ᠡ ᠡᠮ᠎ᠡ ᠬᠤᠶᠠᠭᠤᠯᠠ ᠶᠢᠨ ᠦᠷ᠎ᠡ ᠬᠡᠤᠬᠡᠳ ᠨᠢ ᠪᠦᠬᠦᠯᠢ ᠭᠤᠷᠪᠠᠨ ᠨᠠᠰᠤ ᠬᠦᠷᠬᠦ ᠠᠴᠠ ᠡᠮᠦᠨ᠎ᠡ᠂ ᠡᠷ᠎ᠡ ᠡᠮ᠎ᠡ ᠬᠤᠶᠠᠭᠤᠯᠠ ᠪᠠᠨ ᠵᠢᠯ ᠪᠦᠷᠢ ᠲᠣᠰ ᠲᠣᠰ 10 ᠡᠳᠦᠷ ᠤᠨ ᠬᠡᠤᠬᠡᠳ ᠪᠤᠶᠢᠵᠢᠭᠤᠯᠬᠤ ᠴᠢᠯᠥᠭᠡ ᠶᠢ ᠡᠳ᠋ᠯᠡᠨ᠎ᠡ᠃ ᠬᠥᠮᠦᠨ ᠬᠡᠷᠡᠭᠯᠡᠬᠦ ᠨᠢᠭᠡᠴᠢ ᠶᠢᠨ ᠠᠵᠢᠯᠳᠠᠨ ᠠᠵᠢᠯᠴᠢᠨ ᠤ ᠠᠵᠢᠯ ᠪᠠ ᠭᠡᠷ ᠪᠦᠯᠢ ᠶᠢᠨ ᠬᠠᠷᠢᠴᠠᠭ᠎ᠠ ᠶᠢ ᠲᠡᠩᠴᠡᠭᠦᠷᠢᠲᠡᠶ ᠪᠠᠶᠢᠯᠭᠠᠬᠤ ᠳᠤ ᠠᠰᠢᠭᠲᠠᠶ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠲᠣᠭᠲᠠᠭᠠᠬᠤ ᠶᠢ ᠵᠣᠷᠢᠭᠵᠢᠭᠤᠯᠵᠤ᠂ ᠨᠢᠯᠬ᠎ᠠ ᠬᠡᠦᠬᠡᠳ ᠢ ᠬᠠᠷᠠᠭᠠᠯᠵᠠᠬᠤ ᠳᠤ ᠠᠰᠢᠭᠲᠠᠶ ᠠᠮᠢᠳᠤᠯᠢᠭ ᠠᠮᠠᠷᠠᠯᠲᠠ ᠶᠢᠨ ᠴᠢᠯᠥᠭᠡ ᠪᠠ ᠠᠮᠢᠳᠤᠯᠢᠭ ᠠᠵᠢᠯᠯᠠᠬᠤ ᠠᠷᠭ᠎ᠠ ᠮᠠᠶ᠋ᠢᠭ ᠢ ᠬᠠᠤᠯᠢ ᠶᠣᠰᠣᠭᠠᠷ ᠵᠥᠪᠳᠡᠯᠴᠡᠨ ᠲᠣᠭᠲᠠᠭᠠᠬᠤ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠶᠢᠨ ᠡᠮᠡᠭᠲᠡᠶ ᠠᠵᠢᠯᠳᠠᠨ ᠠᠵᠢᠯᠴᠢᠨ ᠤ ᠵᠢᠷᠮᠦᠰᠦᠯᠡᠬᠦ᠂ ᠬᠥᠩᠭᠡᠵᠢᠬᠦ᠂ ᠬᠦᠬᠦᠬᠦᠯᠬᠦ ᠠᠴᠠ ᠪᠤᠯᠵᠤ ᠴᠠᠯᠢᠩ ᠢ ᠨᠢ ᠪᠠᠭᠤᠷᠠᠭᠤᠯᠬᠤ᠂ ᠠᠵᠢᠯ ᠠᠴᠠ ᠨᠢ ᠵᠣᠭᠰᠣᠭᠠᠬᠤ ᠪᠤᠶᠤ ᠭᠠᠭᠴᠠ ᠲᠠᠯ᠎ᠠ ᠠᠴᠠ ᠬᠥᠳᠡᠯᠮᠦᠷᠢ ᠶᠢᠨ ᠭᠡᠷ᠎ᠡ ᠶᠢ ᠴᠤᠴᠠᠯᠬᠤ᠂ ᠳᠠᠭᠤᠰᠬᠠᠬᠤ ᠶᠢ ᠴᠠᠭᠠᠵᠠᠯᠠᠵᠤ᠂ ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠵᠤ᠂ ᠡᠮᠡᠭᠲᠡᠶᠢᠴᠦᠳ ᠤᠨ ᠡᠷᠬᠡ ᠲᠡᠭᠰᠢ ᠪᠠᠷ ᠠᠵᠢᠯ ᠤᠯᠬᠤ ᠶᠢ ᠪᠠᠲᠤᠯᠠᠨ᠎ᠠ᠃ ᠦᠷᠡᠵᠢᠯ ᠤᠨ ᠴᠢᠯᠥᠭᠡᠨ ᠤ ᠬᠤᠭᠤᠴᠠᠭᠠᠨ ᠳᠠᠬᠢ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠵᠦᠶ ᠵᠣᠬᠢᠰᠲᠠᠶ ᠬᠤᠪᠢᠶᠠᠨ ᠡᠭᠦᠷᠭᠡᠯᠡᠬᠦ ᠲᠣᠭᠲᠠᠴᠠ ᠶᠢ ᠰᠦᠪᠡᠭᠴᠢᠯᠡᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠷᠤᠭᠯᠠᠬᠤ ᠴᠢᠯᠥᠭᠡ᠂ ᠬᠥᠩᠭᠡᠵᠢᠬᠦ ᠴᠢᠯᠥᠭᠡ᠂ ᠰᠤᠪᠢᠯᠠᠬᠤ ᠴᠢᠯᠥᠭᠡ ᠪᠠ ᠬᠡᠤᠬᠡᠳ ᠪᠤᠶᠢᠵᠢᠭᠤᠯᠬᠤ ᠴᠢᠯᠥᠭᠡᠨ ᠤ ᠬᠤᠭᠤᠴᠠᠭᠠᠨ ᠳᠤ ᠵᠠᠷᠤᠴᠠᠭᠤᠯᠤᠭᠰᠠᠨ ᠨᠡᠶᠢᠭᠡᠮ ᠤᠨ ᠳᠠᠭᠠᠳᠬᠠᠯ ᠤᠨ ᠵᠠᠷᠤᠳᠠᠯ ᠳᠤ ᠡᠯ᠎ᠡ ᠭᠠᠵᠠᠷ ᠤᠨ ᠬᠢᠨ ᠵᠣᠬᠢᠬᠤ ᠬᠡᠮᠵᠢᠶᠡᠨ ᠤ ᠨᠥᠬᠦᠪᠥᠷᠢ ᠥᠭᠴᠦ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠡᠪᠯᠡᠯ︶       ︵ᠠᠷᠪᠠᠨ ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠶᠢ ᠬᠡᠷᠡᠭᠯᠡᠨ᠂ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠨ᠎ᠠ᠃ ᠦᠨᠳᠦᠰᠦᠨ ᠱᠠᠲᠤᠨ ᠤ ᠬᠥᠮᠦᠨ ᠠᠮᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠦᠷᠡᠵᠢᠯ ᠤᠨ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ᠂ ᠥᠰᠬᠡᠨ ᠬᠥᠮᠦᠵᠢᠭᠦᠯᠬᠦ ᠵᠢᠯᠤᠭᠤᠳᠤᠯᠭ᠎ᠠ᠂ ᠡᠪᠡᠳᠴᠢᠨ ᠦᠵᠡᠭᠦᠯᠬᠦ ᠪᠠ ᠴᠡᠴᠡᠷᠯᠢᠭ ᠲᠤ ᠣᠷᠣᠬᠤ ᠶᠢ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡ ᠶᠢ ᠬᠠᠩᠭᠠᠵᠤ᠂ ᠤᠯᠠᠨ ᠲᠦᠮᠡᠨ ᠤ ᠦᠷᠡᠵᠢᠯ ᠤᠨ ᠭᠤᠮᠣᠳᠠᠯ ᠱᠠᠭᠠᠷᠳᠠᠯᠭ᠎ᠠ ᠶᠢ ᠴᠤᠭᠯᠠᠭᠤᠯᠬᠤ ᠪᠠ ᠬᠠᠷᠢᠭᠤ ᠲᠤᠰᠬᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠬᠥᠮᠦᠨ ᠠᠮᠠ ᠬᠢᠭᠡᠳ ᠬᠡᠷ ᠪᠦᠯᠢ ᠶᠢᠨ ᠬᠥᠳᠡᠯᠦᠩᠭᠦᠶ ᠪᠠᠶᠢᠳᠠᠯ ᠢ ᠬᠢᠨᠠᠨ ᠰᠢᠨᠵᠢᠵᠦ ᠪᠠᠶᠢᠴᠠᠭᠠᠬᠤ ᠠᠵᠢᠯ ᠢ ᠥᠷᠨᠢᠭᠦᠯᠵᠦ᠂ ᠣᠯᠠᠨ ᠲᠦᠮᠡᠨ ᠤ ᠬᠡᠤᠬᠡᠳ ᠠᠪᠬᠤ ᠬᠦᠰᠡᠯ ᠰᠠᠨᠠᠭ᠎ᠠ᠂ ᠬᠡᠤᠬᠡᠳ ᠠᠪᠴᠤ ᠥᠰᠬᠡᠨ ᠪᠤᠶᠢᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠬᠡᠷ ᠪᠦᠯᠢ ᠶᠢᠨ ᠡᠷᠡᠭᠦᠯ ᠮᠡᠨᠳᠦ ᠵᠡᠷᠭᠡ ᠮᠡᠳᠡᠭᠡ ᠵᠠᠩᠭᠢ ᠶᠢ ᠡᠵᠡᠮᠰᠢᠨ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠦᠨᠡᠯᠡᠨ ᠵᠢᠱᠢᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶       ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠠᠷᠪᠠᠨ ᠲᠠᠪᠤ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠶᠠᠪᠤᠳᠠᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠣᠶᠢᠯ ᠳᠡᠭᠡᠨ ᠣᠷᠣᠭᠤᠯᠵᠤ᠂ ᠨᠢᠭᠡᠳᠦᠭᠡᠷ ᠭᠠᠷ ᠪᠡᠶ᠎ᠡ ᠪᠠᠷ ᠢᠶᠠᠨ ᠠᠳᠬᠤᠬᠤ᠂ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ ᠶᠢ ᠪᠠᠷᠢᠮᠲᠠᠯᠠᠨ᠂ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡᠳᠦᠯᠲᠡᠶ ᠲᠥᠯᠥᠪᠵᠢᠭᠦᠯᠬᠦ᠂ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠢᠳᠡᠪᠬᠢᠲᠡᠶ ᠪᠠᠷ ᠦᠷᠡᠵᠢᠯ ᠢ ᠳᠡᠮᠵᠢᠬᠦ ᠠᠷᠭ᠎ᠠ ᠬᠡᠮᠵᠢᠶ᠎ᠡ ᠨᠡᠶᠢᠲᠡᠯᠡᠬᠦ ᠶᠢ ᠠᠬᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠣᠷᠣᠭᠤᠯᠤᠯᠲᠠ ᠶᠢ ᠪᠣᠳᠠᠲᠠᠶᠢᠵᠢᠭᠤᠯᠬᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃       ︵ᠠᠷᠪᠠᠨ ᠵᠢᠷᠭᠤᠭ᠎ᠠ︶ ᠠᠵᠢᠯ ᠤᠨ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ ᠬᠤᠯᠪᠣᠭᠳᠠᠯ ᠪᠥᠬᠦᠶ ᠨᠢᠭᠡᠴᠢ ᠨᠦᠭᠦᠳ ᠬᠠᠷᠠᠯᠲᠠᠲᠤ ᠡᠭᠦᠷᠭᠡ ᠶᠢᠨ ᠲᠣᠭᠤᠷᠢᠨ ᠳᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠰᠤᠳᠤᠯᠤᠨ ᠲᠣᠭᠲᠠᠭᠠᠬᠤ ᠬᠡᠷᠡᠭᠲᠡᠶ᠃ ᠡᠯ᠎ᠡ ᠱᠠᠲᠤᠨ ᠤ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠤᠭᠤᠳ ᠬᠥᠮᠦᠨ ᠠᠮᠠ ᠶᠢᠨ ᠬᠥᠭᠵᠢᠯᠲᠡ ᠶᠢ ᠠᠬᠢᠭᠤᠯᠬᠤ᠂ ᠬᠡᠷ ᠪᠦᠯᠢ ᠶᠢᠨ ᠪᠥᠲᠥᠭᠡᠨ ᠪᠠᠶᠢᠭᠤᠯᠤᠯᠲᠠ ᠪᠠ ᠦᠷᠡᠵᠢᠯ ᠤᠨ ᠳᠡᠮᠵᠢᠯᠭᠡ ᠶᠢ ᠠᠬᠢᠭᠤᠯᠬᠤ ᠵᠡᠷᠭᠡ ᠠᠵᠢᠯ ᠢ ᠢᠳᠡᠪᠬᠢᠲᠡᠶ ᠥᠷᠨᠢᠭᠦᠯᠬᠦ ᠬᠡᠷᠡᠭᠲᠡᠶ᠃ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠨᠢ ᠤᠬᠠᠭᠤᠯᠭ᠎ᠠ ᠬᠥᠮᠦᠵᠢᠯ᠂ ᠦᠷᠡᠵᠢᠯ ᠤᠨ ᠡᠷᠡᠭᠦᠯ ᠮᠡᠨᠳᠦ ᠶᠢᠨ ᠯᠠᠪᠯᠠᠭ᠎ᠠ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠶᠢᠨ ᠵᠢᠯᠣᠭᠤᠳᠣᠯᠭ᠎ᠠ᠂ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢ ᠬᠠᠪᠰᠤᠷᠤᠨ ᠲᠡᠳᠬᠦᠬᠦ᠂ ᠡᠷᠬᠡ ᠠᠰᠢᠭ ᠢ ᠬᠠᠮᠠᠭᠠᠯᠠᠬᠤ ᠪᠠ ᠬᠡᠷ ᠪᠦᠯᠢ ᠶᠢᠨ ᠡᠷᠡᠭᠦᠯ ᠮᠡᠨᠳᠦ ᠶᠢ ᠠᠬᠢᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃       ︵ᠠᠷᠪᠠᠨ ᠳᠣᠯᠤᠭ᠎ᠠ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ ᠬᠥᠮᠦᠨ ᠠᠮᠠ ᠶᠢᠨ ᠠᠵᠢᠯ ᠤᠨ ᠡᠩᠨᠡᠭᠡ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠪᠠᠶᠢᠭᠤᠯᠤᠮᠵᠢ ᠨᠢ ᠠᠵᠢᠯ ᠤᠨ ᠡᠭᠦᠷᠭᠡ ᠯᠦᠭᠡ ᠵᠣᠬᠢᠴᠠᠯᠳᠤᠭᠰᠠᠨ ᠲᠥᠯᠥᠪᠯᠡᠭᠡᠲᠦ ᠦᠷᠡᠵᠢᠯ ᠤᠨ ᠲᠤᠰᠬᠠᠶ ᠲᠤᠰᠢᠶᠠᠯᠲᠤ ᠠᠵᠢᠯᠲᠠᠨ ᠢ ᠰᠣᠩᠭᠤᠨ ᠳᠣᠭᠢᠷᠠᠭᠤᠯᠤᠨ᠎ᠠ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠤᠨ ᠵᠠᠰᠠᠭ ᠤᠨ ᠣᠷᠳᠣᠨ ︵ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠣᠰᠬᠤᠨ ᠤ ︵ᠰᠠᠭᠤᠭᠠᠯᠢ ᠠᠷᠠᠳ︶ ᠤ ᠵᠥᠪᠯᠡᠯ ᠠᠴᠠ ᠲᠤᠰᠬᠠᠶ ᠠᠵᠢᠯᠲᠠᠨ ᠲᠣᠭᠲᠠᠭᠠᠨ ᠲᠥᠯᠥᠪᠯᠡᠭᠡᠲᠦ ᠦᠷᠡᠵᠢᠯ ᠤᠨ ᠡᠳᠦᠷ ᠲᠤᠲᠤᠮ ᠤᠨ ᠠᠵᠢᠯ ᠢ ᠬᠢᠯᠭᠡᠵᠦ᠂ ᠦᠨᠳᠦᠰᠦᠨ ᠱᠠᠲᠤᠨ ᠤ ᠡᠩᠨᠡᠭᠡ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃                         ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ                   2023 ᠣᠨ ᠤ 12 ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号