| ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠳᠤᠮᠳᠠ | ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ᠠᠶᠢᠮᠠᠭ ᠤᠨ ᠵᠠᠬᠢᠷᠭ᠎ᠠ ᠶᠢᠨ 2023 ᠣᠨ ᠤ 30 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ | ᠰᠤᠳᠤᠯᠤᠨ ᠪᠠᠲᠤᠯᠠᠭᠰᠠᠨ ᠬᠢᠩᠭᠠᠨ ᠠᠶᠢᠮᠠᠭ ᠤᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ | ᠠᠬᠤᠶ ᠣᠷᠴᠢᠨ ᠲᠣᠭᠤᠷᠢᠨ ᠤ ᠬᠤᠪᠢᠶᠠᠷᠢ ᠲᠣᠭᠤᠷᠢᠭ ᠤᠨ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ ᠤᠨ | ᠶᠣᠰᠣᠭᠠᠷ᠂ ︽ᠬᠢᠩᠭᠠᠨ ᠠᠶᠢᠮᠠᠭ ᠤᠨ ᠵᠠᠬᠢᠷᠭ᠎ᠠ ᠶᠢᠨ ︿ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ ᠠᠬᠤᠶ | ᠣᠷᠴᠢᠨ ᠲᠣᠭᠤᠷᠢᠨ ᠤ ᠬᠤᠪᠢᠶᠠᠷᠢ ᠲᠣᠭᠤᠷᠢᠭ ᠤᠨ ᠬᠠᠮᠢᠶᠠᠷᠤᠨ ᠡᠵᠡᠮᠳᠡᠬᠦ ᠲᠤᠬᠠᠶ ᠬᠡᠷᠡᠭᠵᠢᠭᠦᠯᠬᠦ ᠰᠠᠨᠠᠯ︾ ︵ | ᠬᠢᠩᠭᠠᠨ ᠵᠠᠬᠢᠷᠭ᠎ᠠ ᠲᠠᠷᠬᠠᠭᠠᠭᠰᠠᠨ ﹇2021﹈ 77 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠤᠨ | ᠨᠥᠬᠦᠪᠥᠷᠢᠯᠡᠨ᠎ᠡ᠂ ᠨᠥᠬᠦᠪᠥᠷᠢᠯᠡᠬᠦ ᠠᠭᠤᠯᠭ᠎ᠠ ᠨᠢ ᠳᠣᠤᠷᠠᠬᠢ ᠮᠡᠲᠦ᠃ | ᠨᠢᠭᠡ᠂ ᠠᠮᠢ ᠠᠬᠤᠶ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ | ᠪᠥᠬᠦ ᠠᠶᠢᠮᠠᠭ ᠤᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠶᠢ 82 ᠪᠠᠶᠢᠭᠰᠠᠨ ᠠᠴᠠ ᠨᠢ | 90 ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠪᠣᠯᠭᠠᠨ ᠰᠢᠯᠢᠳᠡᠭᠵᠢᠭᠦᠯᠦᠨ ᠳᠣᠭᠢᠷᠠᠭᠤᠯᠪᠠ᠂ | ᠡᠭᠦᠨ ᠳᠤ ᠡᠩ ᠲᠡᠷᠢᠭᠦᠨ ᠳᠤ ᠬᠠᠮᠠᠭᠠᠯᠠᠬᠤ ᠨᠢᠭᠡᠴᠢ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ᠂ | ᠡᠩ ᠤᠨ ᠬᠠᠮᠢᠶᠠᠷᠤᠨ ᠡᠵᠡᠮᠳᠡᠬᠦ ᠨᠢᠭᠡᠴᠢ ᠵᠡᠷᠭᠡ ᠭᠤᠷᠪᠠᠨ ᠲᠥᠷᠥᠯ ᠪᠠᠭᠲᠠᠨ᠎ᠠ᠃ | ᠤᠷᠢᠳᠠᠪᠠᠷ ᠬᠠᠮᠠᠭᠠᠯᠠᠬᠤ ᠨᠢᠭᠡᠴᠢ 56 ᠪᠠᠶᠢᠵᠤ᠂ ᠲᠠᠯᠠᠪᠠᠶ ᠶᠢᠨ ᠡᠵᠡᠯᠡᠬᠦ ᠬᠠᠷᠢᠴᠠᠯ ᠨᠢ 71.4% ᠪᠠᠶᠢᠵᠤ᠂ | ᠭᠤᠤᠯᠳᠠᠭᠤ ᠮᠠᠨ ᠤ ᠠᠶᠢᠮᠠᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠲᠥᠪᠯᠡᠷᠡᠩᠭᠦᠶ | ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠡᠷᠭᠡ ᠬᠠᠤᠯᠢ ᠶᠣᠰᠣᠭᠠᠷ | ᠬᠠᠮᠠᠭᠠᠯᠠᠬᠤ ᠴᠢᠬᠤᠯᠠᠲᠠᠶ ᠠᠮᠢ ᠠᠬᠤᠶ ᠶᠢᠨ ᠴᠢᠳᠠᠮᠵᠢ ᠶᠢᠨ ᠴᠢᠬᠤᠯᠠ ᠣᠷᠣᠨ ᠪᠠ ᠠᠮᠢ ᠠᠬᠤᠶ ᠣᠷᠴᠢᠨ | ᠲᠣᠭᠤᠷᠢᠨ ᠤ ᠰᠡᠷᠭᠡᠭ ᠣᠷᠣᠨ ᠢ ᠪᠠᠭᠲᠠᠭᠠᠨ᠎ᠠ︔ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ 28 ᠪᠠᠶᠢᠵᠤ᠂ | ᠲᠠᠯᠠᠪᠠᠶ ᠶᠢᠨ ᠡᠵᠡᠯᠡᠬᠦ ᠬᠠᠷᠢᠴᠠᠯ ᠨᠢ 17.8% ᠪᠠᠶᠢᠵᠤ᠂ ᠭᠤᠤᠯᠳᠠᠭᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ᠂ ᠠᠭᠤᠷᠬᠠᠶ ᠶᠢᠨ ᠣᠷᠣᠨ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ | ᠨᠡᠭᠡᠭᠡᠨ ᠬᠥᠭᠵᠢᠭᠦᠯᠬᠦ ᠬᠦᠴᠦᠯᠡᠴᠡ ᠪᠠᠷ ᠥᠨᠳᠥᠷ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠪᠠᠷ ᠶᠡᠭᠡ᠂ ᠣᠷᠴᠢᠨ | ᠲᠣᠭᠤᠷᠢᠨ ᠤ ᠠᠰᠠᠭᠤᠳᠠᠯ ᠬᠠᠷᠢᠴᠠᠩᠭᠤᠶ ᠪᠠᠷ ᠲᠥᠪᠯᠡᠷᠡᠭᠰᠡᠨ ᠣᠷᠣᠨ ᠪᠦᠰᠡ ᠶᠢ ᠪᠠᠭᠲᠠᠭᠠᠨ᠎ᠠ︔ ᠡᠩ ᠤᠨ | ᠬᠠᠮᠢᠶᠠᠷᠤᠨ ᠡᠵᠡᠮᠳᠡᠬᠦ ᠨᠢᠭᠡᠴᠢ 6 ᠪᠠᠶᠢᠵᠤ᠂ ᠲᠠᠯᠠᠪᠠᠶ ᠶᠢᠨ ᠡᠵᠡᠯᠡᠬᠦ ᠬᠠᠷᠢᠴᠠᠯ ᠨᠢ 10.8% ᠪᠠᠶᠢᠵᠤ᠂ ᠤᠷᠢᠳᠠᠪᠠᠷ | ᠬᠠᠮᠠᠭᠠᠯᠠᠬᠤ ᠨᠢᠭᠡᠴᠢ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠠᠴᠠ ᠭᠠᠳᠠᠨᠠᠬᠢ ᠪᠤᠰᠤᠳ ᠣᠷᠣᠨ | ᠪᠦᠰᠡ ᠶᠢ ᠪᠠᠭᠲᠠᠭᠠᠨ᠎ᠠ᠃ | ᠬᠤᠶᠠᠷ᠂ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠪᠥᠬᠦ ᠠᠶᠢᠮᠠᠭ ᠤᠨ ᠠᠮᠢ | ᠠᠬᠤᠶ ᠣᠷᠴᠢᠨ ᠲᠣᠭᠤᠷᠢᠨ ᠤ ᠣᠷᠣᠬᠤ ᠵᠥᠪᠰᠢᠶᠡᠷᠡᠯ ᠤᠨ ᠨᠠᠷᠢᠨ ᠲᠠᠩᠰᠠ ᠶᠢᠨ ᠬᠠᠮᠢᠶᠠᠷᠤᠨ ᠡᠵᠡᠮᠳᠡᠬᠦ | ᠱᠠᠭᠠᠷᠳᠠᠯᠭ᠎ᠠ ᠶᠢ ᠬᠠᠮᠤᠭ ᠤᠨ ᠰᠢᠨ᠎ᠡ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠵᠠᠰᠠᠪᠤᠷᠢ ᠣᠷᠣᠭᠤᠯᠪᠠ᠂ | ᠨᠡᠶᠢᠳᠡ 17 ᠵᠦᠢᠯ ︵ᠳᠠᠭᠠᠯᠳᠤᠭᠤᠯᠤᠯ 2 ᠢ ᠦᠵᠡᠭᠡᠷᠡᠶ︶᠃ | ᠭᠤᠷᠪᠠ᠂ ᠪᠤᠰᠤᠳ ᠱᠠᠭᠠᠷᠳᠠᠯᠭ᠎ᠠ ᠵᠠᠰᠠᠪᠤᠷᠢ ᠣᠷᠣᠭᠤᠯᠤᠭᠰᠠᠨ ᠥᠬᠡᠶ ᠬᠡᠰᠡᠭ ᠢ ᠦᠷᠭᠦᠯᠵᠢᠯᠡᠨ ︽︿ | ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ ᠠᠬᠤᠶ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ | ᠡᠵᠡᠮᠳᠡᠬᠦ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠬᠡᠷᠡᠭᠵᠢᠭᠦᠯᠬᠦ ᠰᠠᠨᠠᠯ︾ ︵ᠬᠢᠩᠭᠠᠨ ᠵᠠᠬᠢᠷᠭ᠎ᠠ | ᠲᠠᠷᠬᠠᠭᠠᠭᠰᠠᠨ ﹇2021﹈ 77 ᠳ᠋ᠤᠭᠠᠷ ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃ | ᠳᠠᠭᠠᠯᠳᠤᠭᠤᠯᠤᠯ ᠢ ᠬᠢᠩᠭᠠᠨ ᠠᠶᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶᠡᠨ ᠠᠴᠠ ᠦᠵᠡᠭᠡᠷᠡᠢ | |