| ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ | ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ | ᠡᠵᠡᠮᠰᠢᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠡᠵᠡᠩᠨᠡᠯᠲᠡ ᠶᠢᠨ ᠣᠷᠴᠢᠨ | ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ | ᠲᠣᠭᠲᠠᠭᠠᠬᠤ ᠵᠠᠰᠠᠬᠤ ᠬᠦᠴᠦᠨ ᠥᠬᠡᠶ ᠪᠣᠯᠭᠠᠬᠤ ᠲᠠᠶᠢᠯᠪᠤᠷᠢᠯᠠᠬᠤ ᠪᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ | ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ ᠬᠡᠪᠯᠡᠯ︶ ᠵᠢᠴᠢ ᠬᠦᠴᠦᠨ ᠥᠬᠡᠶ | ᠪᠣᠯᠭᠠᠬᠤ ᠪᠠ ᠳᠣᠷᠣᠭᠰᠢ ᠪᠠᠭᠤᠯᠭᠠᠬᠤ ᠨᠡᠷᠡᠰ ᠢ ᠨᠡᠶᠢᠳᠡᠯᠡᠬᠦ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ | ﹇2023﹈ 19 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠠᠵᠢᠯᠯᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠶᠢᠮᠠᠭ ᠤᠨ ᠵᠠᠬᠢᠷᠭ᠎ᠠ ᠶᠢᠨ 2024 | ᠣᠨ ᠤ 20 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠳᠡᠮᠵᠢᠨ 6519 ᠵᠦᠢᠯ ᠤᠨ ᠠᠶᠢᠮᠠᠭ ᠤᠨ ᠲᠣᠰ | ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠳᠣᠭᠢᠷᠠᠭᠤᠯᠤᠨ ᠦᠯᠡᠳᠡᠭᠡᠵᠦ᠂ 316 ᠵᠦᠢᠯ ᠤᠨ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠢ ᠬᠦᠴᠦᠨ ᠥᠬᠡᠶ ᠪᠣᠯᠭᠠᠵᠤ᠂ 4 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ | ᠵᠦᠢᠯᠡᠰ ᠢ ᠳᠣᠷᠣᠭᠰᠢ ᠪᠠᠭᠤᠯᠭᠠᠵᠤ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ 10 ᠵᠦᠢᠯ ᠤᠨ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠢ ᠰᠢᠯᠵᠢᠭᠦᠯᠬᠦ ᠪᠠᠷ ᠰᠤᠳᠤᠯᠤᠨ ᠲᠣᠭᠲᠠᠭᠠᠪᠠ᠃ ᠡᠳᠦᠭᠡ ᠨᠠᠷᠢᠨ ᠬᠠᠭᠤᠳᠠᠰᠤ ᠶᠢᠨ | ᠨᠡᠷᠡᠰ ᠢ ᠨᠡᠶᠢᠳᠡᠯᠡᠬᠦ ᠶᠢᠨ ᠬᠠᠮᠲᠤ ᠳᠣᠤᠷᠠᠬᠢ ᠮᠡᠲᠦ ᠠᠵᠢᠯ ᠤᠨ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ | ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | ᠨᠢᠭᠡ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠢᠩᠭ᠎ᠠ ᠵᠢᠷᠤᠮᠯᠠᠨ ᠵᠠᠰᠠᠭ ᠵᠠᠬᠢᠷᠭᠠᠨ ᠤ ᠡᠷᠬᠡ ᠶᠢ | ᠬᠡᠷᠡᠭᠵᠢᠭᠦᠯᠦᠨ᠎ᠡ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ | ᠡᠷᠬᠡᠪᠰᠢ ᠭᠦᠢᠴᠡᠳᠭᠡᠬᠦ᠂ ᠬᠠᠤᠯᠢ ᠠᠴᠠ ᠡᠷᠬᠡ ᠣᠯᠭᠤᠭᠰᠠᠨ ᠥᠬᠡᠶ ᠪᠣᠯ ᠬᠢᠵᠦ ᠪᠣᠯᠬᠤ ᠥᠬᠡᠶ ᠭᠡᠳᠡᠭ ᠢ | ᠪᠠᠷᠢᠮᠲᠠᠯᠠᠵᠤ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠪᠦᠬᠦᠨ ᠢ ᠨᠠᠷᠢᠨ | ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ ᠴᠥᠮ ᠬᠠᠤᠯᠢ ᠠᠴᠠ | ᠵᠥᠷᠢᠴᠡᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠵᠦ ᠪᠣᠯᠬᠤ ᠥᠬᠡᠶ᠃ ᠨᠠᠷᠢᠨ ᠲᠠᠩᠰᠠ ᠶᠢ ᠴᠢᠩᠭ᠎ᠠ ᠵᠢᠷᠤᠮᠯᠠᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠢᠵᠢ ᠪᠦᠷᠢᠳᠦᠭᠦᠯᠦᠨ | ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠤᠯᠠᠨ ᠨᠡᠶᠢᠳᠡ ᠶᠢᠨ ᠦᠢᠯᠡᠴᠢᠯᠡᠭᠡ ᠪᠠ | ᠬᠢᠨᠠᠨ ᠬᠠᠮᠢᠶᠠᠷᠬᠤ ᠠᠵᠢᠯ ᠳᠤ ᠬᠥᠳᠡᠯᠦᠩᠭᠦᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠦᠨ᠎ᠡ | ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠡᠶᠢᠳᠡᠯᠡᠵᠤ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ᠂ ᠵᠢᠷᠤᠮᠵᠢᠭᠰᠠᠨ᠂ ᠳᠥᠭᠦᠮᠴᠢᠯᠡᠭᠰᠡᠨ | ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ | ᠰᠦᠯᠵᠢᠶ᠎ᠡ ᠪᠠᠷ ᠨᠡᠶᠢᠳᠡᠮ ᠰᠶᠢᠳᠪᠦᠷᠢᠯᠡᠬᠦ︾ ᠶᠢ ᠶᠡᠬᠡᠪᠡᠷ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠴᠠᠭ | ᠲᠤᠬᠠᠶ ᠳᠤᠨᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠬᠠᠭᠤᠳᠠᠰᠤ ᠶᠢ ᠨᠡᠶᠢᠳᠡᠯᠡᠬᠦ ᠶᠢᠨ ᠬᠠᠮᠲᠤ ᠨᠡᠶᠢᠳᠡᠯᠡᠭᠰᠡᠨ ᠨᠠᠷᠢᠨ | ᠬᠠᠭᠤᠳᠠᠰᠤ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ ᠬᠢᠨᠠᠨ ᠬᠠᠮᠢᠶᠠᠷᠬᠤ ᠵᠦᠢᠯᠡᠰ ᠯᠦᠭᠡ | 100% ᠪᠠᠷ ᠬᠤᠯᠪᠣᠭᠳᠠᠭᠤᠯᠬᠤ ᠶᠢ ᠦᠨᠡᠨᠬᠦ ᠡᠯ᠎ᠡ ᠰᠠᠯᠠᠭ᠎ᠠ ᠮᠥᠴᠢᠷ ᠤᠳ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠨᠡᠶᠢᠳᠡᠯᠡᠵᠤ ᠠᠵᠢᠯᠯᠠᠭᠤᠯᠬᠤ ᠪᠠᠷ ᠰᠠᠭᠤᠷᠢ ᠪᠣᠯᠭᠠᠵᠤ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠵᠦ᠂ ᠠᠵᠢᠯ | ᠶᠠᠪᠤᠳᠠᠯ ᠭᠦᠢᠴᠡᠳᠬᠡᠬᠦ ᠭᠤᠭᠴᠤᠭ᠎ᠠ᠂ ᠭᠤᠶᠤᠴᠢᠯᠠᠬᠤ ᠮᠠᠲ᠋ᠧᠷᠢᠶᠠᠯ ᠪᠠ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ | ᠪᠠᠭᠠᠰᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ ᠶᠢ | ᠠᠬᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ ᠴᠢᠳᠠᠪᠤᠷᠢ ᠪᠠ ᠠᠵᠤ ᠠᠬᠤᠶᠢᠯᠠᠯ ᠤᠨ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ | ᠭᠤᠷᠪᠠ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠥᠳᠡᠯᠦᠩᠭᠦᠶ ᠪᠠᠷ ᠲᠣᠬᠢᠷᠠᠭᠤᠯᠬᠤ ᠪᠠᠷ ᠠᠷᠭ᠎ᠠ ᠪᠠᠷᠢᠯ ᠪᠣᠯᠭᠠᠵᠤ᠂ | ᠡᠷᠬᠡ ᠶᠢ ᠳᠣᠷᠣᠭᠰᠢ ᠪᠠᠭᠤᠯᠭᠠᠵᠤ ᠴᠢᠳᠠᠪᠤᠷᠢ ᠣᠯᠭᠤᠬᠤ ᠶᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠢ | ᠤᠶᠠᠯᠳᠤᠭᠤᠯᠬᠤ ᠶᠢ ᠪᠠᠷᠢᠮᠲᠠᠯᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠠᠵᠢᠯ ᠦᠢᠯᠡᠰ ᠪᠦᠲᠦᠭᠡᠬᠦ ᠵᠠᠰᠠᠭ ᠤᠨ | ᠣᠷᠳᠣᠨ ᠤ ᠨᠠᠩ ᠰᠠᠶᠢᠨ ᠤᠶᠠᠯᠳᠤᠬᠤ ᠶᠢ ᠠᠬᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠪᠣᠯᠤᠨ ᠠᠶᠢᠮᠠᠭ ᠤᠨ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠬᠦᠴᠦᠨ ᠥᠬᠡᠶ ᠪᠣᠯᠭᠠᠬᠤ᠂ ᠳᠣᠷᠣᠭᠰᠢ ᠪᠠᠭᠤᠯᠭᠠᠬᠤ᠂ ᠬᠠᠤᠯᠢ | ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠰᠢᠯᠵᠢᠭᠦᠯᠦᠨ | ᠲᠤᠰᠢᠶᠠᠬᠤ ᠶᠢ ᠵᠠᠯᠭᠠᠨ ᠵᠣᠯᠭᠠᠭᠤᠯᠬᠤ ᠠᠵᠢᠯ ᠢ ᠰᠠᠶᠢᠳᠤᠷ ᠬᠢᠵᠦ᠂ ᠡᠷᠬᠡ ᠶᠢ ᠳᠣᠷᠣᠭᠰᠢ ᠪᠠᠭᠤᠯᠭᠠᠬᠤ᠂ ᠵᠠᠯᠭᠠᠨ | ᠠᠪᠴᠤ ᠲᠡᠶᠢᠯᠬᠦ᠂ ᠰᠠᠶᠢᠳᠤᠷ ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ | ᠲᠣᠭᠲᠠᠭᠠᠯ ᠵᠡᠷᠭᠡ ᠳᠤ ᠬᠦᠴᠦᠨ ᠥᠬᠡᠶ ᠪᠣᠯᠭᠠᠬᠤ ᠪᠠᠷ ᠲᠣᠳᠣᠷᠬᠠᠶ ᠲᠣᠭᠲᠠᠭᠠᠭᠰᠠᠨ ᠵᠦᠢᠯᠡᠰ ᠢ ᠳᠠᠭᠢᠵᠤ | ᠬᠡᠷᠡᠭᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠵᠦ ᠪᠣᠯᠬᠤ ᠥᠬᠡᠶ︔ ᠨᠢᠭᠡᠨᠲᠡ ᠬᠢᠨᠠᠨ | ᠵᠥᠪᠰᠢᠶᠡᠷᠡᠬᠦ ᠶᠢ ᠬᠦᠴᠦᠨ ᠥᠬᠡᠶ ᠪᠣᠯᠭᠠᠭᠰᠠᠨ ᠪᠣᠯᠪᠠᠴᠤ ᠮᠥᠨ ᠬᠦ ᠬᠢᠨᠠᠨ ᠬᠠᠮᠢᠶᠠᠷᠬᠤ ᠴᠢᠬᠤᠯᠠᠲᠠᠶ ᠵᠦᠢᠯᠡᠰ ᠲᠤ᠂ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭ ᠶᠠᠪᠤᠳᠠᠯ ᠤᠨ | ᠳᠤᠮᠳᠠᠬᠢ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ | ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2019﹈ 18 ᠳ᠋ᠤᠭᠠᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭ ᠶᠠᠪᠤᠳᠠᠯ ᠤᠨ ᠳᠤᠮᠳᠠᠬᠢ ᠪᠠ ᠬᠡᠷᠡᠭ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠴᠡᠪᠡᠷ ᠬᠤᠭᠤᠰᠣᠨ | ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠨᠤᠭᠤᠳ ᠳᠣᠷᠣᠭᠰᠢ ᠪᠠᠭᠤᠯᠭᠠᠬᠤ | ︵ᠬᠠᠤᠯᠢ ᠬᠡᠷᠡᠭᠵᠢᠭᠦᠯᠬᠦ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠠᠭᠲᠠᠭᠠᠨ᠎ᠠ︶ ᠵᠦᠢᠯᠡᠰ ᠤᠨ ᠵᠠᠯᠭᠠᠨ | ᠵᠣᠯᠭᠠᠭᠤᠯᠬᠤ ᠭᠤᠤᠯ ᠴᠣᠭᠴᠠ ᠶᠢ ᠵᠦᠢᠯ ᠳᠠᠷᠠᠭᠠᠯᠠᠨ ᠲᠤᠳᠤᠷᠬᠠᠶᠢᠯᠠᠵᠤ᠂ ᠠᠶᠢᠮᠠᠭ ᠤᠨ ᠰᠢᠭᠤᠳ ᠬᠠᠷᠢᠶ᠎ᠠ | ᠳᠣᠷᠣᠭᠰᠢ ᠪᠠᠭᠤᠯᠭᠠᠬᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠤᠬᠠᠶᠢᠯᠠᠭᠰᠠᠨ | ᠠᠵᠢᠯ ᠤᠨ ᠭᠦᠢᠴᠡᠳᠬᠡᠬᠦ ᠴᠤᠪᠤᠷᠠᠯ ᠢ ᠵᠢᠯᠣᠭᠤᠳᠬᠤ ᠪᠠ ᠰᠢᠯᠢᠳᠡᠭᠵᠢᠭᠦᠯᠬᠦ ᠬᠡᠷᠡᠭᠲᠡᠶ᠃ | ᠳᠠᠭᠠᠯᠳᠤᠭᠤᠯᠤᠯ ᠢ ᠬᠢᠩᠭᠠᠨ ᠠᠶᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶᠡᠨ ᠠᠴᠠ ᠦᠵᠡᠭᠡᠷᠡᠢ | | |