ᠬᠢᠩᠭᠠᠨ ᠠᠶᠢᠮᠠᠭ ᠤᠨ ᠵᠠᠬᠢᠷᠭ᠎ᠠ ︽ᠢᠲᠡᠭᠡᠮᠵᠢ ᠲᠠᠢ ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠶᠢᠨ  ᠪᠠᠶᠢᠭᠤᠯᠤᠯᠳᠠ ᠶᠢᠨ ᠢᠨᠵᠧᠨᠧᠷᠢᠩ ᠢ ᠴᠢᠨᠠᠷ ᠰᠠᠶᠢᠳᠠᠢ ᠪᠡᠶᠡᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/31
      ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂  ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ  ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠢᠲᠡᠭᠡᠮᠵᠢ ᠲᠠᠢ  ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠢ  ᠪᠠᠶᠢᠭᠤᠯᠤᠨ ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠴᠢᠨᠠᠷ ᠰᠠᠶᠢᠳᠠᠢ ᠪᠡᠶᠡᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃                                2024 ᠣᠨ ᠤ 3 ᠰᠠᠷ᠎ᠠ ᠶᠢᠨ 29 ᠤ ᠡᠳᠦᠷ       ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠴᠢᠨᠠᠷ ᠰᠠᠶᠢᠳᠠᠢ ᠪᠡᠶᠡᠯᠡᠭᠦᠯᠬᠦ ᠲᠤᠬᠠᠶ ᠬᠡᠷᠡᠭᠵᠢᠭᠦᠯᠬᠦ ᠰᠠᠨᠠᠯ       ᠦᠨᠡᠨᠴᠢ ᠢᠲᠡᠭᠡᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠴᠢᠨᠠᠷ ᠰᠠᠶᠢᠳᠠᠢ ᠪᠡᠶᠡᠯᠡᠭᠦᠯᠵᠦ᠂ ᠮᠠᠨ ᠤ ᠠᠶᠢᠮᠠᠭ ᠤᠨ ᠬᠠᠮᠲᠤᠷᠠᠨ ᠱᠠᠩᠨᠠᠵᠤ ᠲᠣᠷᠭᠠᠬᠤ ᠠᠵᠢᠯ ᠤᠨ ᠰᠠᠭᠤᠷᠢ ᠶᠢ ᠪᠠᠲᠤᠳᠬᠠᠨ᠂ ᠪᠥᠬᠦ ᠨᠡᠶᠢᠭᠡᠮ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽ᠬᠢᠩᠭᠠᠨ ᠠᠶᠢᠮᠠᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠬᠢᠩᠭᠠᠨ ᠵᠠᠬᠢᠷᠭ᠎ᠠ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃       ᠨᠢᠭᠡ᠂ ᠶᠡᠷᠦᠩᠬᠡᠶ ᠱᠠᠭᠠᠷᠳᠠᠯᠭ᠎ᠠ ︽ᠦᠨᠡᠨᠴᠢ ᠢᠲᠡᠭᠡᠮᠵᠢᠲᠡᠶ ᠪᠠᠶᠢᠬᠤ ᠶᠢ ᠬᠥᠬᠢᠭᠦᠯᠦᠨ ᠱᠠᠩᠨᠠᠬᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠬᠠᠤᠯᠢ ᠲᠣᠭᠲᠠᠭᠠᠯ ᠢ ᠵᠢᠷᠤᠮᠯᠠᠬᠤ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ᠂ ᠨᠢᠭᠡᠳᠦᠯᠲᠡᠶ ᠲᠥᠯᠥᠪᠯᠡᠨ ᠠᠬᠢᠭᠤᠯᠬᠤ︾ ᠵᠠᠷᠴᠢᠮ ᠶᠣᠰᠣᠭᠠᠷ᠂ ᠬᠢᠩᠭᠠᠨ ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠳᠤ ᠲᠦᠰᠢᠭᠯᠡᠨ᠂ ᠢᠲᠡᠭᠡᠯ ᠲᠠᠢ ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ ᠢᠲᠡᠭᠡᠯ ᠢᠶᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠤ ᠬᠤᠯᠪᠣᠭᠠᠯᠠᠨ ᠱᠠᠩᠨᠠᠵᠤ ᠲᠣᠷᠭᠠᠬᠤ ᠶᠢ ᠭᠦᠨᠵᠡᠭᠡᠢ ᠬᠡᠷᠡᠭᠵᠢᠭᠦᠯᠵᠦ᠂ ᠬᠤᠯᠪᠣᠭᠠᠯᠠᠨ ᠱᠠᠩᠨᠠᠵᠤ ᠲᠣᠷᠭᠠᠭᠰᠠᠨ ᠨᠡᠶᠢᠳᠡᠯᠢᠭ ᠬᠡᠷᠡᠭ ᠤᠨ  ᠵᠢᠱᠢᠶ᠎ᠡ ᠶᠢ ᠥᠷᠭᠡᠨ ᠢᠶᠠᠷ ᠤᠬᠠᠭᠤᠯᠵᠤ᠂ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ ᠢ ᠦᠷᠭᠦᠯᠵᠢᠯᠡᠨ ᠢᠯᠡᠴᠢᠯᠡᠵᠦ᠂ ᠦᠨᠡᠨᠴᠢ ᠢᠲᠡᠭᠡᠮᠵᠢ ᠶᠢᠨ ᠦᠯᠢᠭᠡᠷ ᠳᠠᠭᠤᠷᠢᠶᠠᠯ ᠢ ᠪᠦᠬᠦ ᠲᠠᠯ᠎ᠠ ᠪᠠᠷ ᠪᠤᠢ ᠪᠣᠯᠭᠠᠵᠤ᠂ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠦᠨᠡᠨᠴᠢ ᠰᠢᠳᠤᠷᠭᠤ᠂ ᠪᠡᠶ᠎ᠡ ᠪᠠᠨ ᠱᠠᠭᠠᠷᠳᠠᠬᠤ᠂ ᠢᠲᠡᠭᠡᠮᠵᠢ ᠲᠠᠢ  ᠪᠠᠶᠢᠬᠤ᠂ ᠢᠲᠡᠭᠡᠯᠴᠡᠬᠦ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠳᠠ ᠶᠢᠨ ᠴᠢᠨᠠᠷ ᠰᠠᠶᠢᠳᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃       ᠬᠤᠶᠠᠷ᠂ ᠦᠨᠡᠨᠴᠢ ᠢᠲᠡᠭᠡᠮᠵᠢ ᠶᠢᠨ ᠦᠢᠯᠡ ᠠᠵᠢᠯᠯᠠᠭ᠎ᠠ ᠶᠢ ᠰᠠᠶᠢᠰᠢᠶᠠᠬᠤ ᠪᠠ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠦᠨ᠎ᠠ       ︵ᠨᠢᠭᠡ︶ ᠣᠯᠠᠨ ᠠᠷᠭ᠎ᠠ ᠵᠠᠮ ᠢᠶᠠᠷ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠶᠢ ᠰᠣᠩᠭᠤᠨ ᠪᠣᠶ ᠪᠣᠯᠭᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠦᠨᠡᠯᠡᠨ ᠲᠣᠭᠲᠠᠭᠠᠬᠤ ᠠᠷᠭ᠎ᠠ ᠶᠢ ᠦᠨᠳᠦᠰᠦᠯᠡᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠡᠲᠡᠭᠡᠳ ᠢ ᠮᠠᠭᠠᠳᠯᠠᠨ ᠲᠣᠭᠲᠠᠭᠠᠵᠤ᠂ ᠬᠢᠩᠭᠠᠨ ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠢᠶᠠᠷ ᠳᠠᠮᠵᠢᠭᠤᠯᠤᠨ  ᠨᠡᠶᠢᠭᠡᠮ ᠳᠤ ᠨᠡᠶᠢᠳᠡᠯᠡᠨ᠎ᠠ ᠃ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠶᠢ ᠥᠷᠭᠡᠨ ᠢᠶᠠᠷ ᠪᠣᠶ ᠪᠣᠯᠭᠠᠵᠤ᠂ ᠢᠲᠡᠭᠡᠮᠵᠢ ᠲᠠᠢ ᠬᠥᠮᠦᠰ ᠲᠤ ᠵᠣᠷᠢᠭᠵᠢᠭᠤᠯᠤᠯ ᠣᠯᠭᠤᠵᠤ᠂ ᠲᠥᠬᠦᠮ ᠦᠵᠡᠭᠦᠯᠬᠦ ᠪᠠ ᠬᠠᠷᠠᠭᠠᠯᠵᠠᠯ ᠬᠦᠷᠲᠡᠭᠡᠨ᠎ᠡ᠃ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠠᠵᠢᠯ ᠲᠥᠷᠥᠯ ᠤᠨ ᠢᠲᠡᠭᠡᠮᠵᠢ ᠶᠢᠨ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠢᠲᠡᠭᠡᠮᠵᠢ ᠶᠢᠨ ᠲᠠᠰ ᠲᠥᠷᠥᠯ ᠬᠤᠪᠢᠶᠠᠨ ᠬᠠᠮᠢᠶᠠᠷᠬᠤ ᠲᠦᠷᠢᠮ ᠢ ᠪᠠᠶᠢᠭᠤᠯᠵᠤ᠂ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠶᠢ ᠲᠠᠨᠢᠯᠴᠠᠭᠤᠯᠬᠤ ᠠᠵᠢᠯ ᠢ ᠰᠠᠶᠢᠳᠤᠷ ᠬᠢᠨ᠎ᠠ᠃ ᠠᠵᠢᠯ ᠲᠥᠷᠥᠯ ᠤᠨ ᠨᠡᠶᠢᠭᠡᠮᠢᠭ ︵ᠬᠤᠳᠠᠯᠳᠤᠭᠠᠴᠢᠳ ᠤᠨ ᠡᠪᠯᠡᠯ︶ ᠪᠣᠯᠤᠨ ᠪᠤᠰᠤᠳ ᠨᠡᠶᠢᠭᠡᠮ ᠤᠨ ᠵᠣᠬᠢᠶᠠᠨ ᠪᠠᠶ᠋ᠢᠭᠤᠯᠤᠯᠲᠠ ᠶᠢᠨ ᠦᠨᠡᠨᠴᠢ ᠢᠲᠡᠭᠡᠮᠵᠢ ᠶᠢᠨ ᠭᠡᠰᠢᠭᠦᠨ ᠪᠣᠯᠤᠨ ᠢᠲᠡᠭᠡᠮᠵᠢ ᠶᠢᠨ ᠮᠠᠭᠤ ᠲᠡᠮᠳᠡᠭᠯᠡᠯ ᠥᠬᠡᠶ ᠦᠢᠯᠡᠴᠢᠯᠡᠬᠦ ᠡᠲᠡᠭᠡᠳ ᠢ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ  ᠪᠣᠯᠭᠠᠬᠤ ᠶᠢ ᠵᠣᠷᠢᠭᠵᠢᠭᠤᠯᠤᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠶᠢ ᠤᠬᠠᠭᠤᠯᠬᠤ ᠶᠢ ᠵᠣᠷᠢᠭᠵᠢᠭᠤᠯᠵᠤ᠂ ᠰᠠᠯᠠᠭ᠎ᠠ ᠮᠥᠴᠢᠷ ᠪᠠ ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢᠨ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠶᠢ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠢᠲᠡᠭᠡᠮᠵᠢ ᠶᠢᠨ ᠠᠮᠠᠯᠠᠯᠲᠠ ᠪᠤᠶᠤ ᠦᠢᠯᠡᠳᠭᠦᠨ ᠤ ᠦᠢᠯᠡᠴᠢᠯᠡᠭᠡᠨ ᠤ ᠶᠠᠰᠤ ᠴᠢᠨᠠᠷ ᠵᠡᠷᠭᠡ ᠲᠤᠰᠬᠠᠶ ᠵᠦᠢᠯ ᠤᠨ ᠠᠮᠠᠯᠠᠯᠲᠠ ᠬᠢᠯᠭᠡᠵᠦ᠂ ᠦᠢᠯᠡᠳᠭᠦᠨ ᠤ ᠦᠢᠯᠡᠴᠢᠯᠡᠭᠡᠨ ᠤ ᠪᠠᠷᠢᠮᠵᠢᠶ᠎ᠠ ᠵᠡᠷᠭᠡ ᠶᠢ ᠢᠯᠡ ᠪᠠᠷ ᠢᠯᠡᠷᠭᠡᠶᠢᠯᠡᠨ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠵᠦ ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃       ︵ᠬᠤᠶᠠᠷ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢᠨ ︽ᠰᠠᠭᠠᠳ ᠥᠬᠡᠶ ᠨᠡᠪᠲᠡᠷᠡᠬᠦ ᠵᠠᠮ︾ ᠢ ᠰᠦᠪᠡᠭᠴᠢᠯᠡᠨ ᠪᠠᠶᠢᠭᠤᠯᠬᠤ ᠪᠠ ︽ᠳᠤᠲᠠᠭᠤ ᠶᠢ ᠭᠥᠯᠢᠶᠡᠨ ᠠᠪᠴᠤ ᠰᠶᠢᠳᠪᠦᠷᠢᠯᠡᠬᠦ︾ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠢᠲᠡᠭᠡᠯ ᠲᠠᠢ ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠳᠠᠯᠢ ᠨᠥᠬᠦᠴᠡᠯ ᠤᠨ ᠳᠣᠣᠷ᠎ᠠ᠂ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠪᠠ ᠭᠤᠷᠪᠠᠨ ᠵᠢᠯ ᠳᠠᠷᠠᠭᠠᠯᠠᠨ ᠢᠲᠡᠭᠡᠮᠵᠢ ᠶᠢᠨ ᠮᠠᠭᠤ ᠲᠡᠮᠳᠡᠭᠯᠡᠯ ᠦᠭᠡᠶ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠳᠤ᠂ ᠪᠣᠳᠠᠲᠠᠶ ᠪᠠᠶᠢᠳᠠᠯ ᠢᠶᠠᠨ ᠦᠨᠳᠦᠰᠦᠯᠡᠨ ︽ᠰᠠᠭᠠᠳ ᠥᠬᠡᠶ ᠨᠡᠪᠲᠡᠷᠡᠬᠦ ᠵᠠᠮ︾᠂ ︽ᠳᠤᠲᠠᠭᠳᠠᠯ ᠲᠠᠢ ᠲᠠᠯ᠎ᠠ ᠶᠢ ᠭᠥᠯᠢᠶᠡᠨ ᠠᠪᠴᠤ ᠰᠶᠢᠳᠪᠦᠷᠢᠯᠡᠬᠦ︾᠂ ︽ᠤᠷᠢᠳᠠᠪᠠᠷ ᠭᠦᠢᠴᠡᠳᠭᠡᠬᠦ︾᠂ ︽ᠲᠠᠰ ᠳᠠᠷᠠᠭᠠᠯᠠᠯ ᠢ ᠳᠥᠭᠦᠮᠴᠢᠯᠡᠬᠦ︾ ᠵᠡᠷᠭᠡ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠵᠡᠷᠭᠡ ᠪᠢᠴᠢᠭ ᠮᠠᠲ᠋ᠧᠷᠢᠶᠠᠯ ᠳᠤ ᠬᠠᠩᠭᠠᠬᠤ ᠶᠢ ᠱᠠᠭᠠᠷᠳᠠᠭᠰᠠᠨ ᠴᠢᠬᠤᠯᠠ ᠨᠥᠬᠦᠴᠡᠯ ᠤᠨ ᠮᠠᠲ᠋ᠧᠷᠢᠶᠠᠯ ᠠᠴᠠ ᠭᠠᠳᠠᠨ᠎ᠠ᠂ ᠴᠢᠬᠤᠯᠠ ᠨᠥᠬᠦᠴᠡᠯ ᠤᠨ ᠪᠤᠰᠤ ᠮᠠᠲ᠋ᠧᠷᠢᠶᠠᠯ ᠨᠢ ᠪᠦᠷᠢᠨ ᠭᠦᠢᠴᠡᠳ ᠥᠬᠡᠶ  ᠪᠠᠶᠢᠪᠠᠯ᠂ ᠬᠡᠷᠪᠡ ᠪᠢᠴᠢᠭ ᠤᠨ ᠠᠮᠠᠯᠠᠯᠲᠠ ᠶᠢᠨ ᠬᠡᠯᠪᠡᠷᠢ ᠪᠠᠷ ᠲᠣᠭᠲᠠᠭᠰᠠᠨ ᠬᠤᠭᠤᠴᠠᠭᠠᠨ ᠳᠣᠲᠣᠷ᠎ᠠ ᠬᠠᠩᠭᠠᠪᠠᠯ᠂ ᠤᠷᠢᠳᠠᠪᠠᠷ ᠭᠥᠯᠢᠶᠡᠨ ᠠᠪᠴᠤ ᠰᠶᠢᠳᠪᠦᠷᠢᠯᠡᠵᠦ᠂ ᠭᠦᠢᠴᠡᠳᠭᠡᠬᠦ ᠠᠬᠢᠴᠠ ᠶᠢ ᠲᠦᠷᠭᠡᠳᠬᠡᠨ᠂ ︽ᠢᠲᠡᠭᠡᠮᠵᠢ + ᠬᠢᠨᠠᠨ ᠵᠥᠪᠰᠢᠶᠡᠷᠡᠬᠦ︾ ᠵᠠᠭᠪᠤᠷ ᠢ  ᠪᠠᠶᠢᠭᠤᠯᠬᠤ ᠬᠡᠷᠡᠭᠲᠡᠶ᠃       ︵ᠭᠤᠷᠪᠠ︶ ᠣᠯᠠᠨ ᠨᠡᠶᠢᠳᠡ ᠶᠢᠨ ᠦᠢᠯᠡᠴᠢᠯᠡᠭᠡᠨ ᠤ ᠲᠥᠬᠦᠮ ᠨᠥᠬᠦᠴᠡᠯ ᠢ ᠤᠷᠢᠳᠠᠪᠠᠷ ᠬᠠᠩᠭᠠᠨ᠎ᠠ᠃ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠡᠷᠡᠭ ᠶᠠᠪᠤᠳᠠᠯ ᠤᠨ ᠳᠤᠮᠳᠠ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠪᠠ ᠢᠲᠡᠭᠡᠮᠵᠢ ᠶᠢᠨ ᠮᠡᠳᠡᠭᠦᠯᠦᠯᠲᠡ ᠶᠢ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠢᠯᠠᠩᠭᠤᠶ᠎ᠠ ᠵᠠᠰᠠᠭ ᠤᠨ ᠣᠷᠳᠣᠨ ᠤ ᠢᠨᠵᠧᠨᠧᠷᠢᠩ ᠤᠨ ᠪᠡᠯᠡ ᠣᠷᠣᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠡᠯ᠎ᠡ ᠲᠥᠷᠥᠯ ᠤᠨ ᠣᠯᠠᠨ  ᠨᠡᠶᠢᠳᠡ ᠶᠢᠨ ᠡᠬᠢ ᠪᠠᠶᠠᠯᠢᠭ ᠤᠨ ᠬᠢᠩᠭᠠᠨ ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠢᠶᠠᠷ ᠳᠡᠮᠵᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠶᠢᠨ ᠬᠠᠮᠲᠤ᠂ ᠲᠡᠳᠡᠨ ᠢᠶᠠᠷ ︽ᠢᠲᠡᠭᠡᠮᠵᠢ ᠶᠢᠨ ᠳᠤᠮᠳᠠᠳᠤ ᠤᠯᠤᠰ︾᠂ ︽ᠢᠲᠡᠭᠡᠮᠵᠢ ᠶᠢᠨ ᠳᠤᠮᠳᠠᠳᠤ ᠤᠯᠤᠰ ︵ᠥᠪᠥᠷ ᠮᠣᠩᠭᠤᠯ︶︾ ᠤᠨ ᠰᠦᠯᠵᠢᠶᠡᠨ ᠥᠷᠲᠡᠭᠡ ᠠᠴᠠ ᠭᠠᠷᠭᠠᠭᠰᠠᠨ ᠢᠲᠡᠭᠡᠮᠵᠢ ᠶᠢᠨ ᠮᠡᠳᠡᠭᠦᠯᠦᠯᠲᠡ ᠪᠤᠶᠤ ᠬᠠᠮᠢᠶ᠎ᠠ ᠪᠥᠬᠦᠶ ᠬᠢᠷᠢ ᠬᠡᠮ ᠲᠠᠢ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠠᠴᠠ ᠭᠠᠷᠭᠠᠭᠰᠠᠨ ᠢᠲᠡᠭᠡᠮᠵᠢ ᠶᠢᠨ ᠮᠡᠳᠡᠭᠦᠯᠦᠯᠲᠡ ᠶᠢ ᠬᠠᠩᠭᠠᠯᠭᠠᠬᠤ ᠪᠠᠷ ᠱᠠᠭᠠᠷᠳᠠᠬᠤ ᠶᠢᠨ ᠬᠠᠮᠲᠤ᠂ ᠵᠣᠬᠢᠬᠤ ᠪᠠᠶᠢᠴᠠᠭᠠᠨ ᠯᠠᠪᠯᠠᠬᠤ ᠡᠬᠡ ᠲᠠᠩᠰᠠ ᠶᠢ ᠪᠦᠷᠢᠯᠳᠦᠭᠦᠯᠦᠨ᠎ᠡ᠃      ︵ᠳᠥᠷᠪᠡ︶ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠲᠣᠬᠢᠷᠠᠭᠤᠯᠤᠯᠲᠠ ᠶᠢ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠡᠲᠡᠭᠡᠳ ᠤᠨ ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠦᠨᠡᠯᠡᠯᠲᠡ ᠶᠢᠨ ᠲᠥᠷᠥᠯ ᠠᠩᠭᠢᠯᠠᠯ ᠢ ᠦᠨᠳᠦᠰᠦᠯᠡᠨ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠵᠢᠯ ᠲᠥᠷᠥᠯ ᠳᠤ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ ᠲᠣᠭᠲᠠᠭᠠᠯ ᠶᠣᠰᠣᠭᠠᠷ ᠬᠢᠩᠭᠠᠨ ᠠᠶᠢᠮᠠᠭ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠳᠤ ᠢᠯᠡ ᠨᠡᠶᠢᠳᠡᠯᠡᠬᠦ ᠬᠡᠷᠡᠭᠲᠡᠶ᠃ ᠵᠣᠬᠢᠬᠤ ᠨᠥᠬᠦᠴᠡᠯ ᠳᠤ ᠨᠡᠶᠢᠴᠡᠬᠦ ᠦᠨᠡᠨᠴᠢ ᠢᠲᠡᠭᠡᠮᠵᠢ ᠶᠢᠨ ᠠᠵᠤ  ᠠᠬᠤᠶᠢᠯᠠᠯ ᠳᠤ ᠬᠠᠤᠯᠢ ᠶᠣᠰᠣᠭᠠᠷ ᠡᠳᠦᠷ ᠲᠤᠲᠤᠮ ᠤᠨ ᠪᠠᠶᠢᠴᠠᠭᠠᠯᠳᠠ᠂ ᠲᠤᠰᠬᠠᠶ ᠵᠦᠢᠯ ᠤᠨ ᠪᠠᠶᠢᠴᠠᠭᠠᠯᠳᠠ ᠶᠢᠨ ᠳᠤᠮᠳᠠ  ᠪᠠᠶᠢᠴᠠᠭᠠᠬᠤ ᠤᠳᠠᠭ᠎ᠠ ᠪᠠᠨ ᠰᠢᠯᠢᠳᠡᠭᠵᠢᠭᠦᠯᠬᠦ ᠬᠡᠷᠡᠭᠲᠡᠶ᠃       ︵ᠲᠠᠪᠤ︶ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠶᠡᠬᠡᠪᠡᠷ ᠲᠠᠨᠢᠯᠴᠠᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠨᠡᠨᠴᠢ ᠢᠲᠡᠭᠡᠮᠵᠢ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠢᠯᠢᠳᠡᠭ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠰᠠᠯᠠᠭ᠎ᠠ ᠮᠥᠴᠢᠷ ᠤᠨ ᠠᠯᠪᠠᠨ ᠰᠦᠯᠵᠢᠶ᠎ᠡ ᠪᠠ ︽ᠢᠲᠡᠭᠡᠮᠵᠢ ᠶᠢᠨ ᠬᠢᠩᠭᠠᠨ ᠠᠶᠢᠮᠠᠭ︾ ᠤᠨ ᠰᠦᠯᠵᠢᠶᠡᠨ ᠥᠷᠲᠡᠭᠡ ᠳᠤ ᠢᠯᠡ ᠨᠡᠶᠢᠳᠡᠯᠡᠬᠦ ᠬᠡᠷᠡᠭᠲᠡᠶ᠃ ᠬᠤᠷᠠᠯ ᠦᠵᠡᠰᠬᠦᠯᠡᠩ᠂ ᠪᠠᠩᠬᠢ ᠪᠠ ᠠᠵᠤ ᠠᠬᠤᠶ᠋ᠢᠯᠠᠯ ᠢ ᠵᠣᠯᠭᠠᠭᠤᠯᠬᠤ ᠵᠡᠷᠭᠡ ᠠᠵᠢᠯᠯᠠᠭ᠎ᠠ ᠳᠤ ᠦᠨᠡᠨᠴᠢ ᠢᠲᠡᠭᠡᠮᠵᠢ ᠶᠢᠨ ᠠᠵᠤ  ᠠᠬᠤᠶᠢᠯᠠᠯ ᠢ ᠭᠤᠤᠯᠳᠠᠯᠭ᠎ᠠ ᠲᠠᠢ ᠲᠠᠨᠢᠯᠴᠠᠭᠤᠯᠵᠤ᠂ ᠢᠲᠡᠭᠡᠮᠵᠢ ᠶᠢ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠬᠤᠯᠠ ᠪᠣᠳᠣᠯᠬᠢᠯᠠᠬᠤ ᠬᠦᠴᠦᠨ ᠵᠦᠢᠯ ᠪᠣᠯᠭᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ  ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪ ᠲᠠᠯ᠎ᠠ ᠶᠢᠨ ᠮᠡᠳᠡᠭᠡ ᠵᠠᠩᠭᠢ ᠴᠤᠭᠯᠠᠭᠤᠯᠬᠤ ᠶᠢ ᠴᠢᠩᠭᠠᠳᠬᠠᠵᠤ᠂ ᠢᠲᠡᠭᠡᠮᠵᠢ ᠶᠢᠨ ᠠᠰᠠᠭᠤᠳᠠᠯ ᠤᠨ ᠲᠤᠰᠬᠠᠯ ᠨᠡᠯᠢᠶᠡᠳ ᠲᠥᠪᠯᠡᠷᠡᠭᠰᠡᠨ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠢᠲᠡᠭᠡᠮᠵᠢ ᠲᠠᠢ ᠬᠥᠮᠦᠰ ᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠠᠵᠢᠯ ᠲᠥᠷᠥᠯ ᠤᠨ ᠨᠡᠶᠢᠭᠡᠮᠯᠢᠭ ︵ᠬᠤᠳᠠᠯᠳᠤᠭᠠᠴᠢᠳ ᠤᠨ ᠡᠪᠯᠡᠯ︶ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠳᠠ ᠪᠠ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠭᠡᠰᠢᠭᠦᠳ ᠢ ᠬᠥᠬᠢᠭᠦᠯᠦᠨ  ᠰᠠᠶᠢᠰᠢᠶᠠᠵᠤ᠂ ᠠᠵᠢᠯ ᠲᠥᠷᠥᠯ ᠤᠨ ︽ᠦᠨᠡᠨᠴᠢ ᠢᠲᠡᠭᠡᠮᠵᠢ ᠶᠢᠨ ᠥᠯᠢᠭᠡᠷ︾ ᠢ ᠰᠠᠶᠢᠳᠤᠷ ᠶᠠᠷᠢᠬᠤ ᠶᠢ ᠠᠬᠢᠭᠤᠯᠤᠨ᠎ᠠ᠃      ︵ᠵᠢᠷᠭᠤᠭ᠎ᠠ︶ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠬᠤᠶ ᠪᠠᠶᠢᠳᠠᠯ ᠢ ᠥᠷᠭᠡᠳᠬᠡᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠵᠠᠰᠠᠭ ᠤᠨ ᠣᠷᠳᠣᠨ ᠬᠢᠭᠡᠳ ᠨᠡᠶᠢᠭᠡᠮ ᠬᠠᠷᠢᠯᠴᠠᠨ ᠠᠬᠢᠭᠤᠯᠬᠤ᠂ ᠵᠠᠰᠠᠭ ᠵᠠᠬᠢᠷᠭᠠᠨ ᠬᠢᠭᠡᠳ ᠵᠠᠬ᠎ᠠ ᠳᠡᠯᠭᠡᠭᠦᠷ ᠬᠠᠷᠢᠯᠴᠠᠨ ᠠᠭᠤᠰᠤᠯᠴᠠᠭᠰᠠᠨ ᠢᠲᠡᠭᠡᠮᠵᠢ ᠶᠢᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠡᠷᠡᠭᠯᠡᠭᠡᠨ ᠤ ᠲᠠᠯᠠᠪᠤᠷ ᠢ ᠥᠷᠭᠡᠳᠬᠡᠵᠦ᠂ ︽ᠢᠲᠡᠭᠡᠮᠵᠢ ᠶᠢᠨ ᠬᠢᠯᠪᠠᠷ +︾ ᠶᠢᠨ ᠤᠷᠮᠠᠰᠢᠭᠤᠯᠬᠤ ᠠᠭᠤᠯᠭ᠎ᠠ ᠶᠢ ᠪᠠᠶᠠᠯᠢᠭᠵᠢᠭᠤᠯᠤᠨ᠂ ᠤᠯᠠᠨ ᠠᠷᠭ᠎ᠠ ᠵᠠᠮ ᠲᠠᠢ᠂ ᠤᠯᠠᠨ ᠡᠰᠢᠴᠢᠯᠡᠭᠰᠡᠨ ︽ᠢᠲᠡᠭᠡᠮᠵᠢ ᠶᠢᠨ ᠬᠢᠯᠪᠠᠷ +︾ ᠶᠢᠨ ᠵᠦᠢᠯᠡᠰ ᠤᠨ ᠰᠢᠰᠲ᠋ᠧᠮ ᠢ ᠬᠠᠮᠲᠤ ᠪᠠᠷ ᠪᠠᠶᠢᠭᠤᠯᠤᠨ᠎ᠠ︔ ᠢᠲᠡᠭᠡᠮᠵᠢ ᠨᠢ ᠵᠥᠪᠰᠢᠶᠡᠷᠡᠬᠦ ᠳᠤ ᠬᠢᠯᠪᠠᠷ᠂ ᠢᠲᠡᠭᠡᠮᠵᠢ ᠨᠢ ᠵᠤᠭᠠᠴᠠᠬᠤ ᠳᠤ ᠬᠢᠯᠪᠠᠷ᠂ ᠢᠲᠡᠭᠡᠮᠵᠢ ᠨᠢ ᠲᠦᠷᠢᠶᠡᠰᠦᠯᠡᠬᠦ ᠳᠤ ᠬᠢᠯᠪᠠᠷ᠂ ᠢᠲᠡᠭᠡᠮᠵᠢ ᠨᠢ ᠡᠮᠴᠢᠯᠡᠬᠦ ᠳᠤ ᠬᠢᠯᠪᠠᠷ᠂ ᠢᠲᠡᠭᠡᠮᠵᠢ ᠨᠢ ᠤᠩᠰᠢᠬᠤ ᠳᠤ ᠬᠢᠯᠪᠠᠷ ᠵᠡᠷᠭᠡ ︽ᠢᠲᠡᠭᠡᠮᠵᠢ ᠨᠢ ᠬᠢᠯᠪᠠᠷ +︾ ᠬᠡᠷᠡᠭᠯᠡᠭᠡᠨ ᠤ ᠲᠠᠯᠠᠪᠤᠷ ᠤᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠠᠷᠠᠳ ᠤᠨ ᠠᠮᠢᠳᠤᠷᠠᠯ ᠤᠨ ᠬᠦᠷᠢᠶᠡᠨ ᠳᠤ ᠨᠡᠶᠢᠭᠡᠮᠴᠢᠯᠡᠭᠰᠡᠨ᠂ ᠵᠠᠬ᠎ᠠ ᠳᠡᠯᠭᠡᠭᠦᠷᠴᠢᠯᠡᠭᠰᠡᠨ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠬᠦᠴᠦᠯᠡᠨ ᠥᠷᠭᠡᠳᠬᠡᠵᠦ᠂ ᠢᠲᠡᠭᠡᠮᠵᠢᠲᠡᠶ ᠪᠠᠷ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠳᠥᠭᠦᠮ ᠦᠵᠡᠭᠦᠯᠬᠦ ᠶᠢ ᠪᠡᠶᠡᠯᠡᠭᠦᠯᠦᠨ᠎ᠡ᠃       ︵ᠳᠣᠯᠤᠭ᠎ᠠ︶ ᠵᠠᠬ᠎ᠠ ᠳᠡᠯᠭᠡᠭᠦᠷ ᠤᠨ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ᠃ ᠣᠯᠠᠨ  ᠨᠡᠶᠢᠳᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠡᠷᠡᠭᠯᠡᠯᠲᠡ ᠶᠢ ᠠᠬᠢᠭᠤᠯᠵᠤ᠂  ᠭᠠᠶᠢᠯᠢ ᠶᠢᠨ ᠶᠠᠪᠤᠳᠠᠯ ᠪᠠ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ︽ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠨ᠎ᠠ᠃ ᠤᠯᠤᠰ ᠠᠴᠠ A ᠲᠠᠰ ᠤᠨ ᠢᠲᠡᠭᠡᠮᠵᠢ ᠶᠢᠨ ᠭᠠᠶᠢᠯᠢ ᠲᠤᠰᠢᠶᠠᠭᠴᠢ ᠳᠤ ᠬᠡᠷᠡᠭᠵᠢᠭᠦᠯᠬᠦ ᠪᠠᠯᠠ ᠲᠣᠬᠢᠷᠠᠭᠤᠯᠭ᠎ᠠ ᠶᠢᠨ ᠳᠥᠭᠦᠮᠴᠢᠯᠡᠯᠲᠡ᠂ ᠰᠠᠭᠠᠳ ᠥᠬᠡᠶ ᠨᠡᠪᠲᠡᠷᠡᠬᠦ ᠵᠠᠮ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠠᠷᠠᠯᠵᠢᠶᠠᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠳᠤ ᠦᠵᠡᠭᠦᠯᠬᠦ ᠳᠡᠮᠵᠢᠯᠭᠡ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠨᠠᠮᠳᠠᠭᠤᠯᠤᠨ᠎ᠠ᠃       ᠭᠤᠷᠪᠠ᠂ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠬᠢᠵᠠᠭᠠᠷᠯᠠᠬᠤ ᠪᠠ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠥᠷᠢᠨᠰᠢᠬᠦᠯᠥᠨ᠎ᠡ       ︵ᠨᠠᠢᠮᠠ︶ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠠᠷᠴᠢᠮ᠃ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ ᠪᠠ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠤᠨ ᠶᠣᠰᠣᠭᠠᠷ ᠬᠦᠨᠳᠦ ᠬᠥᠩᠭᠡᠨ ᠵᠣᠬᠢᠰᠲᠠᠶ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠴᠤ᠂ ᠢᠲᠡᠭᠡᠯ ᠠᠯᠳᠠᠭᠰᠠᠨ ᠭᠤᠤᠯ ᠴᠣᠭᠴᠠ ᠶᠢᠨ ᠦᠢᠯᠡ ᠠᠵᠢᠯᠯᠠᠭ᠎ᠠ ᠯᠤᠭ᠎ᠠ ᠬᠤᠯᠪᠣᠭᠳᠠᠭᠤᠯᠤᠨ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠬᠦᠷᠢᠶ᠎ᠡ ᠴᠠᠷᠠᠭ᠎ᠠ ᠶᠢᠨ ᠦᠢᠯᠡ ᠪᠠᠶᠢᠳᠠᠯ ᠪᠠ ᠨᠡᠶᠢᠭᠡᠮ ᠤᠨ ᠬᠤᠤᠷ ᠬᠥᠨᠥᠭᠡᠯ ᠤᠨ ᠬᠡᠮᠵᠢᠶ᠎ᠡ ᠯᠦᠭᠡ ᠲᠣᠬᠢᠷᠠᠯᠴᠠᠭᠤᠯᠵᠤ᠂ ᠬᠡᠲᠦ ᠵᠠᠯᠬᠠᠭᠠᠬᠤ ᠶᠢ ᠬᠠᠷᠢᠯᠴᠠᠨ ᠲᠡᠩᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃       ︵ᠶᠢᠰᠤ︶ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠲᠤᠳᠤᠷᠬᠠᠶᠢᠯᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠴᠢᠩᠭ᠎ᠠ ᠵᠢᠷᠤᠮᠯᠠᠨ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ ᠨᠡᠷᠡᠰ ᠤᠨ ᠵᠢᠭᠰᠠᠭᠠᠯᠲᠠ ᠶᠢᠨ ᠬᠦᠷᠢᠶ᠎ᠡ ᠴᠠᠷᠠᠭ᠎ᠠ ᠶᠢ ᠵᠢᠭᠰᠠᠭᠠᠬᠤ ᠬᠡᠷᠡᠭᠲᠡᠶ᠂ ᠶᠠᠮᠠᠷᠪᠠ ᠰᠠᠯᠠᠭ᠎ᠠ ᠮᠥᠴᠢᠷ ︵ᠨᠢᠭᠡᠴᠢ︶ ᠨᠢ ᠭᠡᠳ ᠳᠤᠷ᠎ᠠ ᠪᠠᠷ ᠢᠶᠠᠨ ᠨᠡᠮᠡᠬᠦ ᠪᠤᠶᠤ ᠥᠷᠭᠡᠳᠬᠡᠵᠦ ᠪᠣᠯᠬᠤ ᠥᠬᠡᠶ᠃ ᠡᠭᠦᠨ ᠳᠤ ᠭᠤᠣᠯᠳᠠᠯᠭ᠎ᠠ ᠲᠠᠢ᠄ ᠨᠢᠭᠡ ᠳᠤ ᠠᠷᠠᠳ ᠤᠯᠠᠨ ᠤ ᠪᠡᠶ᠎ᠡ ᠶᠢᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ᠂ ᠡᠭᠦᠨ ᠳᠤ ᠢᠳᠡᠭᠡᠨ ᠤ ᠵᠦᠢᠯ ᠡᠮ ᠤᠨ ᠵᠤᠶᠢᠯᠡᠰ᠂ ᠠᠮᠢ ᠠᠬᠤᠶ ᠶᠢᠨ ᠣᠷᠴᠢᠨ ᠨᠥᠬᠦᠴᠡᠯ᠂ ᠪᠠᠷᠢᠯᠭ᠎ᠠ ᠶᠢᠨ ᠶᠠᠰᠤ ᠴᠢᠨᠠᠷ᠂ ᠦᠢᠯᠡᠳᠬᠦᠨ ᠤ ᠶᠠᠰᠤ ᠴᠢᠨᠠᠷ᠂ ᠠᠶᠤᠯᠭᠦᠶ ᠦᠢᠯᠡᠳᠪᠦᠷᠢᠯᠡᠯ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ  ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠵᠡᠷᠭᠡ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠠᠭᠲᠠᠨ᠎ᠠ︔ ᠬᠤᠶᠠᠷ ᠲᠤ ᠵᠠᠬ᠎ᠠ ᠳᠡᠯᠭᠡᠭᠦᠷ ᠤᠨ ᠭᠤᠣᠯᠴᠢ ᠥᠷᠢᠰᠥᠯᠳᠦᠭᠡᠨ ᠤ ᠡᠮᠬᠢ ᠵᠢᠷᠤᠮ ᠪᠠ ᠨᠡᠶᠢᠭᠡᠮ ᠤᠨ ᠬᠡᠪ ᠤᠨ ᠡᠮᠬᠢ ᠵᠢᠷᠤᠮ ᠢ ᠬᠦᠨᠳᠦ ᠨᠣᠴᠢᠲᠠᠶ ᠡᠪᠳᠡᠭᠰᠡᠨ ᠠᠵᠢᠯᠯᠠᠭ᠎ᠠ᠂ ᠡᠭᠦᠨ ᠳᠤ ᠬᠡᠭᠡᠯᠢ ᠬᠠᠭ᠋ᠤᠤᠯᠢ ᠪᠠᠭᠲᠠᠨ᠎ᠠ᠃ ᠭᠠᠶᠢᠯᠢ ᠠᠴᠠ ᠵᠠᠶᠢᠯᠠᠵᠤ  ᠭᠠᠶᠢᠯᠢ ᠶᠢ ᠮᠡᠬᠡᠯᠡᠨ ᠠᠪᠬᠤ ᠮᠠᠭᠤ ᠰᠠᠨᠠᠭ᠎ᠠ ᠪᠠᠷ ᠥᠷᠢ ᠰᠢᠷᠢ ᠠᠴᠠ ᠵᠠᠶᠢᠯᠠᠵᠤ᠂ ᠮᠠᠭᠤ ᠰᠠᠨᠠᠭ᠎ᠠ ᠪᠠᠷ ᠪᠠᠷᠠᠭᠠᠨ ᠤ ᠵᠣᠭᠤᠰ ᠪᠤᠶᠤ ᠦᠢᠯᠡᠴᠢᠯᠡᠭᠡᠨ ᠤ ᠰᠦᠢᠳᠬᠡᠯ ᠢ ᠥᠷᠢᠲᠦᠵᠦ᠂ ᠮᠠᠭᠤ ᠰᠠᠨᠠᠭ᠎ᠠ ᠪᠠᠷ ᠴᠠᠯᠢᠩ ᠥᠷᠢᠲᠦᠬᠦ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠮᠠᠭᠤ ᠰᠠᠨᠠᠭ᠎ᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠴᠤ᠂ ᠠᠵᠢᠯ ᠣᠯᠭᠤᠯᠲᠠ ᠶᠢᠨ ᠨᠥᠬᠦᠪᠥᠷᠢ ᠶᠢᠨ ᠪᠡᠯᠡ ᠮᠥᠩᠭᠦ ᠶᠢ ᠮᠡᠬᠡᠯᠡᠨ ᠠᠪᠴᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠵᠤ᠂ ᠭᠡᠷ᠎ᠡ ᠪᠠᠷ ᠮᠡᠬᠡᠯᠡᠨ ᠬᠢᠬᠠᠬᠤ᠂ ᠳᠠᠮᠵᠢᠭᠤᠯᠤᠨ ᠪᠣᠷᠣᠯᠠᠭᠤᠯᠬᠤ᠂ ᠭᠡᠷᠡᠴᠢ ᠦᠨᠡᠮᠯᠡᠯ ᠦᠭᠡᠢ ᠪᠠᠷ ᠡᠵᠡᠩᠨᠡᠬᠦ᠂ ᠬᠤᠳᠠᠯ ᠬᠠᠭᠤᠷᠮᠠᠭ ᠮᠠᠭᠤ ᠦᠢᠯᠡᠳᠬᠦᠨ ᠦᠢᠯᠡᠳᠴᠦ ᠪᠣᠷᠣᠯᠠᠭᠤᠯᠬᠤ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠵᠣᠷᠢᠭᠤᠳᠠ ᠬᠠᠯᠳᠠᠬᠤ᠂ ᠬᠤᠳᠠᠯ ᠬᠠᠭᠤᠷᠮᠠᠭ ᠮᠠᠲ᠋ᠧᠷᠢᠶᠠᠯ ᠢᠶᠠᠷ ᠳᠠᠭᠠᠭᠠᠴᠢᠯᠠᠯᠲᠠ ᠤᠯᠬᠤ᠂ ᠵᠢᠭᠡᠯᠡᠭᠦᠯᠬᠦ ᠪᠠ ᠵᠢᠭᠡᠯᠡᠨ ᠬᠡᠷᠡᠭᠯᠡᠬᠦ ᠬᠢᠷᠢ ᠬᠡᠮ ᠢᠶᠠᠷ ᠳᠠᠭᠠᠭᠠᠴᠢᠯᠠᠯᠲᠠ ᠬᠦᠯᠢᠶᠡᠬᠦ᠂ ᠳᠠᠭᠠᠭᠠᠴᠢᠯᠠᠯᠲᠠ ᠶᠢ ᠬᠦᠷᠢᠶᠡᠯᠡᠨ ᠳᠠᠭᠠᠭᠠᠴᠢᠯᠠᠯᠲᠠ ᠲᠠᠢ ᠰᠥᠯᠪᠡᠭᠡᠯᠳᠦᠬᠦ᠂ ᠬᠤᠳᠠᠯ ᠬᠠᠭᠤᠷᠮᠠᠭ ᠵᠠᠷ ᠭᠠᠷᠭᠠᠬᠤ᠂ ᠬᠡᠷᠡᠭᠯᠡᠭᠴᠢᠳ ᠪᠤᠶᠤ ᠦᠨᠡᠲᠦ ᠲᠡᠮᠳᠡᠭᠲᠦ ᠬᠤᠭᠤᠴᠠᠭᠠᠲᠤ ᠪᠠᠷᠠᠭᠠᠨ ᠤ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ᠂ ᠰᠦᠯᠵᠢᠶᠡᠨ ᠤ ᠣᠷᠣᠨ ᠵᠠᠶ ᠶᠢᠨ ᠳᠠᠮᠵᠢᠭᠤᠯᠭ᠎ᠠ ᠶᠢᠨ ᠡᠮᠬᠢ ᠵᠢᠷᠤᠮ ᠢ ᠬᠦᠨᠳᠦ ᠨᠣᠴᠢᠲᠠᠶ ᠡᠪᠳᠡᠬᠦ᠂ ᠤᠯᠠᠨ ᠢ ᠴᠤᠭᠯᠠᠭᠤᠯᠵᠤ ᠨᠡᠶᠢᠭᠡᠮ ᠤᠨ ᠡᠮᠬᠢ ᠵᠢᠷᠤᠮ ᠢ ᠰᠠᠮᠠᠭᠤᠷᠠᠭᠤᠯᠬᠤ ᠵᠡᠷᠭᠡ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠢᠯᠯᠠᠭ᠎ᠠ︔ ᠭᠤᠷᠪᠠ ᠳᠤ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠶᠢ ᠲᠡᠪᠴᠢᠵᠦ᠂ ᠬᠠᠤᠯᠢ ᠪᠠᠷᠢᠬᠤ  ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠯᠠᠨ ᠨᠡᠶᠢᠳᠡ ᠶᠢ ᠢᠲᠡᠭᠡᠭᠦᠯᠬᠦ ᠬᠦᠴᠦᠨ ᠢ ᠬᠦᠨᠳᠦ ᠨᠣᠴᠢᠲᠠᠶ ᠨᠥᠯᠥᠭᠡᠯᠡᠭᠰᠡᠨ ᠦᠢᠯᠡ ᠠᠵᠢᠯᠯᠠᠭ᠎ᠠ᠂ ᠡᠭᠦᠨ ᠳᠤ ᠲᠤᠬᠠᠶ ᠶᠢᠨ ᠬᠥᠮᠦᠨ ᠨᠢ ᠬᠠᠤᠯᠢ ᠪᠠᠷᠢᠬᠤ ᠪᠠᠶᠢᠭᠤᠯᠭ᠎ᠠ ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠠᠰᠤᠯᠤᠯᠳᠠ ᠪᠤᠶᠤ ᠲᠣᠭᠲᠠᠭᠠᠯ ᠭᠠᠷᠭᠠᠭᠰᠠᠨ ᠤ ᠲᠠᠷᠠᠭ᠎ᠠ᠂ ᠭᠦᠢᠴᠡᠳᠬᠡᠬᠦ ᠴᠢᠳᠠᠪᠤᠷᠢ ᠲᠠᠢ ᠪᠣᠯᠪᠠᠴᠤ ᠭᠦᠢᠴᠡᠳᠬᠡᠬᠦ ᠶᠢ ᠲᠡᠪᠴᠢᠬᠦ᠂ ᠭᠦᠢᠴᠡᠳᠬᠡᠬᠦ ᠠᠴᠠ ᠵᠠᠶᠢᠯᠠᠬᠤ ᠵᠡᠷᠭᠡ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠠᠭᠲᠠᠨ᠎ᠠ︔ ᠲᠦᠷᠪᠡ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢ ᠲᠡᠪᠴᠢᠬᠦ᠂ ᠴᠡᠷᠢᠭ ᠤᠨ ᠠᠯᠪᠠᠨ ᠠᠴᠠ ᠵᠠᠶᠢᠯᠠᠬᠤ᠂ ᠠᠷᠠᠳ ᠤᠨ ᠬᠡᠷᠡᠭᠯᠡᠭᠡᠨ ᠤ ᠡᠬᠢ ᠪᠠᠶᠠᠯᠢᠭ ᠢ ᠲᠠᠲᠠᠪᠤᠷᠢᠯᠠᠨ ᠬᠡᠷᠡᠭᠯᠡᠬᠦ ᠶᠢ ᠲᠡᠪᠴᠢᠬᠦ᠂ ᠤᠳᠠᠭᠠᠰᠢᠷᠠᠭᠤᠯᠬᠤ ᠪᠤᠶᠤ ᠲᠠᠲᠠᠪᠤᠷᠢᠯᠠᠨ ᠬᠡᠷᠡᠭᠯᠡᠭᠰᠡᠨ ᠠᠷᠠᠳ ᠤᠨ ᠬᠡᠷᠡᠭᠯᠡᠭᠡᠨ ᠤ ᠡᠬᠢ ᠪᠠᠶᠠᠯᠢᠭ ᠢ ᠥᠭᠡᠷᠡᠴᠢᠯᠡᠬᠦ ᠶᠢ ᠬᠠᠷᠰᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠰᠢᠭ ᠲᠤᠰᠠ ᠶᠢ ᠬᠤᠬᠢᠷᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ︵ᠠᠷᠠᠳ ᠤᠨ ᠠᠭᠠᠷ ᠤᠨ ᠰᠡᠷᠭᠡᠶᠢᠯᠡᠯᠳᠡ︶ ᠶᠢᠨ ᠲᠥᠬᠦᠭᠡᠷᠦᠮᠵᠢ ᠶᠢ ᠡᠪᠳᠡᠬᠦ ᠵᠡᠷᠭᠡ ᠠᠵᠢᠯᠯᠠᠭ᠎ᠠ︔ ᠲᠠᠪᠤ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠤᠯᠤᠰ ᠠᠴᠠ ᠲᠣᠭᠲᠠᠭᠠᠭᠰᠠᠨ ᠪᠤᠰᠤᠳ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ᠃       ︵ᠠᠷᠪᠠ︶ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠡᠯ᠎ᠡ ᠬᠦᠷᠢᠶᠡᠨ ᠤ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠰᠶᠢᠳᠪᠦᠷᠢᠯᠡᠬᠦ ᠪᠠ ᠦᠨᠡᠯᠡᠵᠦ᠂ ︽ᠪᠦᠬᠦ ᠤᠯᠤᠰ ᠤᠨ ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ ᠨᠠᠷᠢᠨ ᠳᠠᠩᠰᠠ ︾ ᠲᠠᠢ ᠬᠠᠷᠢᠴᠠᠭᠤᠯᠵᠤ᠂ ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠵᠢᠴᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠭᠤᠤᠯ ᠴᠣᠭᠴᠠ ᠳᠤ ᠴᠢᠭᠯᠡᠭᠦᠯᠦᠨ᠂ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠢᠶᠠᠷ ᠴᠣᠷ ᠤᠨ ᠭᠠᠭᠴᠠ ᠲᠡᠮᠳᠡᠭ ᠪᠣᠯᠭᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠨᠡᠶᠢᠳᠡᠯᠡᠵᠤ᠂ ᠵᠠᠬ᠎ᠠ ᠳᠡᠯᠭᠡᠭᠦᠷ ᠤᠨ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠢᠯᠭᠠᠨ ᠲᠠᠨᠢᠬᠤ ᠳᠤ ᠲᠥᠬᠦᠮ ᠦᠵᠡᠭᠦᠯᠦᠨ᠂ ᠢᠲᠡᠭᠡᠮᠵᠢ ᠶᠢᠨ ᠲᠦᠭᠰᠢᠭᠦᠷᠢ ᠶᠢ  ᠰᠡᠷᠭᠡᠶᠢᠯᠡᠬᠦ ᠬᠡᠷᠡᠭᠲᠡᠶ᠃ ᠬᠤᠯᠪᠣᠭᠳᠠᠯ ᠪᠥᠬᠦᠶ ᠠᠵᠤ ᠠᠬᠤᠶᠢᠯᠠᠯ ᠪᠠ ᠬᠤᠪᠢ ᠬᠥᠮᠦᠨ ᠤ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠭᠡᠬᠦ ᠶᠢ ᠰᠢᠮᠳᠠᠭᠤᠯᠵᠤ᠂ ᠭᠦᠢᠴᠡᠳᠭᠡᠬᠦ ᠴᠢᠳᠠᠪᠤᠷᠢ ᠲᠠᠢ ᠪᠣᠯᠪᠠᠴᠤ ᠭᠦᠢᠴᠡᠳᠭᠡᠬᠦ ᠶᠢ ᠲᠡᠪᠴᠢᠭᠰᠡᠨ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ ᠬᠢᠯᠢ ᠠᠴᠠ ᠭᠠᠷᠬᠤ ᠶᠢ ᠬᠢᠵᠠᠭᠠᠷᠯᠠᠬᠤ ᠪᠠ ᠥᠯᠥ ᠬᠥᠳᠡᠯᠬᠦ ᠬᠥᠷᠥᠩᠭᠡ ᠬᠤᠳᠠᠯᠳᠤᠨ ᠠᠪᠬᠤ ᠶᠢ ᠬᠢᠵᠠᠭᠠᠷᠯᠠᠬᠤ᠂ ᠨᠢᠰᠬᠡᠯ ᠳᠤ ᠰᠠᠭᠤᠬᠤ᠂ ᠳᠡᠭᠡᠳᠦ ᠲᠠᠰ ᠤᠨ ᠭᠠᠯᠲᠤ ᠲᠡᠷᠭᠡ ᠪᠠ ᠰᠠᠭᠤᠳᠠᠯ ᠳᠤ ᠰᠠᠭᠤᠬᠤ ᠂ ᠵᠢᠭᠤᠯᠴᠢᠯᠠᠵᠤ ᠠᠮᠠᠷᠠᠬᠤ᠂ ᠣᠳᠣᠨ ᠲᠠᠰ ᠠᠴᠠ ᠳᠡᠭᠡᠭᠰᠢᠬᠢ ᠵᠣᠴᠢᠳ ᠤᠨ ᠪᠠᠭᠤᠳᠠᠯ ᠳᠤ ᠰᠠᠭᠤᠬᠤ ᠵᠢᠴᠢ ᠪᠤᠰᠤᠳ ᠥᠨᠳᠥᠷ ᠬᠡᠷᠡᠭᠯᠡᠭᠡᠨ ᠤ ᠦᠢᠯᠡᠳ ᠠᠵᠢᠯᠯᠠᠭ᠎ᠠ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢᠨ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠴᠤᠭᠯᠠᠭᠤᠯᠬᠤ ᠶᠢ ᠳᠡᠮᠵᠢᠵᠦ᠂ ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠮᠡᠳᠡᠭᠦᠯᠦᠯᠲᠡ ᠳᠤ ᠣᠷᠣᠭᠤᠯᠬᠤ ᠬᠡᠷᠡᠭᠲᠡᠶ᠃ ᠬᠤᠳᠠᠯᠳᠤᠭᠠᠨ ᠤ ᠪᠠᠩᠬᠢ᠂ ᠲᠡᠮᠳᠡᠭᠲᠦ ᠬᠤᠭᠤᠴᠠᠭᠠᠲᠤ ᠪᠠᠷᠠᠭᠠᠨ ᠤ ᠡᠵᠡᠩᠨᠡᠯᠲᠡ ᠶᠢᠨ ᠪᠠᠶᠢᠭᠤᠯᠤᠮᠵᠢ᠂ ᠳᠠᠭᠠᠳᠬᠠᠯ ᠤᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶ᠋ᠢᠭᠠᠳ ᠲᠦᠭᠰᠢᠭᠦᠷᠢ ᠶᠢᠨ ᠦᠨ᠎ᠡ ᠲᠣᠭᠲᠠᠭᠠᠬᠤ ᠵᠠᠷᠴᠢᠮ ᠶᠣᠰᠣᠭᠠᠷ᠂ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠪᠠ ᠡᠳ᠋ ᠬᠥᠷᠥᠩᠭᠡ ᠶᠢᠨ ᠳᠠᠭᠠᠳᠬᠠᠯ ᠤᠨ ᠰᠦᠢᠳᠭᠡᠯ ᠤᠨ ᠨᠣᠷᠮ᠎ᠠ ᠶᠢ ᠳᠡᠭᠡᠭᠰᠢᠯᠡᠭᠦᠯᠬᠦ ᠪᠤᠶᠤ ᠲᠡᠳᠡᠨ ᠳᠤ ᠵᠢᠭᠡᠯᠡᠯᠭᠡ᠂ ᠪᠠᠲᠤᠯᠠᠨ ᠲᠠᠨᠢᠯᠴᠠᠭᠤᠯᠬᠤ᠂ ᠳᠠᠭᠠᠭᠠᠨ ᠪᠣᠷᠣᠯᠠᠭᠤᠯᠬᠤ᠂ ᠳᠠᠭᠠᠳᠬᠠᠯ ᠵᠡᠷᠭᠡ ᠦᠢᠯᠡᠴᠢᠯᠡᠭᠡ ᠬᠠᠩᠭᠠᠬᠤ ᠶᠢ ᠬᠢᠵᠠᠭᠠᠷᠯᠠᠬᠤ ᠬᠡᠷᠡᠭᠲᠡᠶ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠲᠡᠭᠡᠯ ᠠᠯᠳᠠᠭᠰᠠᠨ ᠪᠡᠶᠡᠴᠢ ᠴᠣᠭᠴᠠ ᠳᠤ ᠴᠢᠭᠯᠡᠭᠦᠯᠦᠨ᠂ ᠨᠢᠭᠡ ᠳᠤ ᠲᠣᠭᠲᠠᠭᠠᠯ ᠶᠣᠰᠣᠭᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠢᠵᠠᠭᠠᠷᠯᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠨᠥᠬᠦᠪᠥᠷᠢ᠂ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠶᠢ ᠭᠤᠶᠤᠴᠢᠯᠠᠨ᠎ᠠ︔       ᠬᠤᠶᠠᠷ ᠲᠤ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠠᠵᠢᠯᠯᠠᠭᠠᠨ ᠤ ᠶᠠᠪᠤᠴᠠ ᠳᠠᠬᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠢᠯᠡ ᠨᠡᠶᠢᠳᠡᠯᠡᠬᠦ ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠠᠵᠢᠯᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ︔       ᠭᠤᠷᠪᠠ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠤ ᠢᠲᠡᠭᠡᠯ ᠠᠯᠳᠠᠭᠰᠠᠨ ᠲᠡᠮᠳᠡᠭᠯᠡᠯ ᠲᠠᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠮᠠᠭᠤ ᠠᠵᠢᠯᠯᠠᠭ᠎ᠠ ᠶᠢᠨ ︽ᠨᠡᠷ᠎ᠡ ᠶᠢᠨ ᠬᠠᠷ᠎ᠠ ᠲᠠᠩᠰᠠ︾ ᠳᠤ ᠵᠢᠭᠰᠠᠭᠠᠨ ᠣᠷᠣᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠬᠢᠵᠠᠭᠠᠷᠯᠠᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠠᠵᠢᠯᠲᠠᠨ ᠤ ᠠᠮᠰᠠᠭᠰᠠᠨ ᠡᠳ᠋ ᠬᠥᠷᠥᠩᠭᠡ ᠶᠢᠨ ᠬᠤᠬᠢᠷᠠᠯ ᠳᠤ ᠬᠠᠤᠯᠢ ᠶᠣᠰᠣᠭᠠᠷ ᠨᠥᠬᠦᠪᠥᠷᠢ ᠥᠭᠭᠦᠨ᠎ᠡ︔ ᠳᠥᠷᠪᠡ ᠳᠤ ᠡᠯ᠎ᠡ ᠲᠥᠷᠥᠯ ᠤᠨ ᠢᠷᠠᠭᠤ ᠠᠯᠳᠠᠷ ᠤᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠬᠡᠮ ᠢ ᠲᠣᠭᠲᠠᠭᠠᠯ ᠶᠣᠰᠣᠭᠠᠷ ᠬᠦᠴᠦᠨ ᠥᠬᠡᠶ ᠪᠣᠯᠭᠠᠵᠤ᠂ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠢᠯᠡ ᠪᠠᠷ ᠵᠠᠷᠯᠠᠨ ᠰᠢᠭᠦᠮᠵᠢᠯᠡᠨ᠎ᠡ︔ ᠲᠠᠪᠤ ᠳᠤ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠶᠢᠳᠪᠦᠷᠢᠯᠡᠨ᠎ᠡ᠃       ᠳᠥᠷᠪᠡ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ      ︵ᠠᠷᠪᠠᠨ ᠨᠢᠭᠡ︶ ᠬᠥᠨᠳᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠢᠲᠡᠭᠡᠮᠵᠢ ᠲᠠᠢ ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ ᠢᠲᠡᠭᠡᠮᠵᠢ ᠪᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠰᠠᠨᠠᠭᠠᠴᠢᠯᠠᠬᠤ ᠪᠠ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠡᠯ᠎ᠡ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠬᠤᠯᠪᠣᠭᠠᠯᠠᠨ ᠱᠠᠩᠨᠠᠵᠤ ᠲᠣᠷᠭᠠᠬᠤ ᠶᠢ ᠡᠭᠦᠰᠭᠡᠭᠰᠡᠨ ᠰᠠᠯᠠᠭ᠎ᠠ ᠮᠥᠴᠢᠷ ᠨᠢ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠡᠲᠡᠭᠡᠳ ᠢ ᠲᠣᠭᠲᠠᠭᠠᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠣᠰ ᠲᠣᠰ ᠤᠨ ᠡᠷᠬᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠵᠦᠢᠯᠡᠰ ᠢ ᠲᠣᠭᠲᠠᠭᠠᠵᠤ᠂ ᠬᠡᠷᠡᠭᠵᠢᠭᠦᠯᠬᠦ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠭᠤᠤᠯ ᠴᠣᠭᠴᠠ ᠳᠤ ᠵᠣᠬᠢᠬᠤ ᠬᠤᠯᠪᠣᠭᠠᠯᠠᠨ ᠤᠷᠮᠠᠰᠢᠭᠤᠯᠬᠤ ᠪᠠ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠶᠢ ᠬᠠᠷᠢᠭᠤᠴᠠᠬᠤ ᠶᠢᠨ ᠬᠠᠮᠲᠤ᠂ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠶᠢ ᠰᠶᠢᠳᠪᠦᠷᠢᠯᠡᠭᠰᠡᠨ  ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠨ᠎ᠠ᠃ ᠡᠯ᠎ᠡ ᠨᠢᠭᠡᠴᠢ ᠶᠢᠨ ᠲᠣᠰ ᠠᠵᠢᠯ ᠲᠥᠷᠥᠯ ᠤᠨ ᠳᠣᠲᠣᠷ᠎ᠠ ᠪᠠᠨ ᠲᠣᠭᠲᠠᠭᠠᠭᠰᠠᠨ ᠦᠨᠡᠨᠴᠢ ᠢᠲᠡᠭᠡᠮᠵᠢ ᠶᠢᠨ ᠨᠡᠶᠢᠳᠡᠯᠢᠭ ᠵᠢᠱᠢᠶ᠎ᠡ ᠪᠠ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠳᠤ ᠠᠵᠢᠯ ᠲᠥᠷᠥᠯ ᠢᠶᠠᠷ ᠢᠶᠠᠨ ᠬᠠᠮᠵᠢᠯᠴᠠᠬᠤ ᠪᠠ ᠣᠷᠣᠨ ᠪᠦᠰᠡ ᠠᠯᠤᠰᠯᠠᠨ ᠬᠤᠯᠪᠣᠭᠠᠯᠠᠨ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠶᠢ ᠰᠠᠨᠠᠭᠠᠴᠢᠯᠠᠬᠤ ᠶᠢ ᠵᠣᠷᠢᠭᠵᠢᠭᠤᠯᠤᠨ᠎ᠠ᠃       ︵ᠠᠷᠪᠠᠨ ᠬᠤᠶᠠᠷ︶ ᠬᠤᠯᠪᠣᠭᠠᠯᠠᠨ ᠱᠠᠩᠨᠠᠵᠤ ᠲᠣᠷᠭᠠᠬᠤ ᠭᠠᠷᠴᠠᠭ ᠤᠨ ᠨᠠᠷᠢᠨ ᠬᠠᠭᠤᠳᠠᠰᠤ ᠶᠢ ᠡᠮᠬᠢᠯᠡᠨ ᠲᠣᠭᠲᠠᠭᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠪᠦᠬᠦ ᠤᠯᠤᠰ ᠤᠨ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ ᠨᠠᠷᠢᠨ ᠳᠠᠩᠰᠠ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠵᠦ᠂ ᠲᠣᠰ ᠬᠦᠷᠢᠶ᠎ᠡ ᠴᠠᠷᠠᠭ᠎ᠠ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ᠂ ᠡᠷᠬᠡ ᠶᠢᠨ ᠨᠠᠷᠢᠨ ᠬᠠᠭᠤᠳᠠᠰᠤ ᠲᠠᠢ ᠤᠶᠠᠯᠳᠤᠭᠤᠯᠤᠨ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠲᠣᠭᠲᠠᠭᠠᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠬᠡᠷᠡᠭᠯᠡᠬᠦ ᠵᠦᠢᠯᠡᠰ ᠢ ᠲᠤᠳᠤᠷᠬᠠᠶᠢᠯᠠᠨ᠂ ᠬᠡᠷᠡᠭᠯᠡᠬᠦ ᠴᠤᠪᠤᠷᠠᠯ ᠪᠠ ᠲᠥᠰᠦᠯ ᠢ ᠰᠤᠳᠤᠯᠤᠨ ᠲᠣᠭᠲᠠᠭᠠᠬᠤ ᠶᠢᠨ ᠬᠠᠮᠲᠤ᠂ ᠣᠯᠠᠨ ᠵᠦᠢᠯ  ᠤᠨ ᠠᠷᠭ᠎ᠠ ᠮᠠᠶ᠋ᠢᠭ ᠢ ᠠᠪᠴᠤ  ᠪᠠᠶᠢᠭᠠᠳ ᠨᠡᠶᠢᠭᠡᠮ ᠳᠤ ᠢᠯᠡ ᠪᠠᠷ ᠨᠡᠶᠢᠳᠡᠯᠡᠨ᠎ᠠ᠃       ︵ᠠᠷᠪᠠᠨ ᠭᠤᠷᠪᠠ︶ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠦᠷᠢᠨᠰᠢᠭᠦᠯᠦᠨ᠎ᠡ᠃ ᠢᠲᠡᠭᠡᠮᠵᠢ ᠶᠢ ᠰᠡᠷᠭᠦᠭᠡᠬᠦ ᠬᠦᠷᠢᠶ᠎ᠡ ᠬᠡᠪᠴᠢᠶ᠎ᠡ᠂ ᠠᠷᠭ᠎ᠠ ᠵᠠᠮ᠂ ᠴᠤᠪᠤᠷᠠᠯ ᠵᠡᠷᠭᠡ ᠶᠢ ᠵᠢᠷᠤᠮᠵᠢᠭᠤᠯᠵᠤ᠂ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠡᠯ᠎ᠡ ᠲᠥᠷᠥᠯ ᠤᠨ ᠢᠲᠡᠭᠡᠯ ᠠᠯᠳᠠᠭᠰᠠᠨ ᠠᠵᠢᠯᠯᠠᠭ᠎ᠠ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠬᠤᠭᠤᠴᠠᠭ᠎ᠠ ᠶᠢ ᠲᠣᠳᠣᠷᠬᠠᠶᠢᠯᠠᠨ᠎ᠠ᠃ ᠢᠲᠡᠭᠡᠯ ᠠᠯᠳᠠᠭᠰᠠᠨ ᠠᠵᠢᠯᠯᠠᠭ᠎ᠠ ᠶᠢᠨ ᠭᠤᠤᠯ ᠴᠣᠭᠴᠠ ᠶᠢᠨ ᠢᠲᠡᠭᠡᠮᠵᠢ ᠪᠠᠨ ᠰᠡᠷᠭᠦᠭᠡᠬᠦ ᠪᠠᠷ ᠳᠤᠷᠠᠳᠬᠤ ᠶᠢ ᠳᠡᠮᠵᠢᠵᠦ᠂ ᠢᠲᠡᠭᠡᠯ ᠠᠯᠳᠠᠭᠰᠠᠨ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠬᠤ ᠶᠢᠨ ᠬᠠᠮᠲᠤ ᠢᠯᠡ ᠨᠡᠶᠢᠳᠡᠯᠡᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠦᠴᠦᠨ ᠥᠬᠡᠶ ᠪᠣᠯᠭᠠᠨ᠎ᠠ᠃ ︽ᠬᠤᠶᠠᠷ ᠪᠢᠴᠢᠭ ᠢ ᠬᠠᠮᠲᠤ ᠳᠤᠨᠢ ᠬᠦᠷᠭᠡᠬᠦ︾ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠬᠡᠷᠡᠭ ᠤᠨ ᠲᠤᠬᠠᠶ ᠶᠢᠨ ᠬᠥᠮᠦᠨ ᠳᠤ ︽ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ︾ ᠢ ᠬᠦᠷᠭᠡᠬᠦ ᠶᠢᠨ ᠬᠠᠮᠲᠤ᠂ ︽ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ︾ ᠢ ᠵᠡᠷᠭᠡ ᠪᠠᠷ ᠬᠦᠷᠭᠡᠵᠦ᠂ ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠬᠥᠮᠦᠨ ᠢ ᠬᠠᠪᠰᠤᠷᠤᠨ ᠢᠲᠡᠭᠡᠮᠵᠢ ᠶᠢ ᠰᠡᠷᠭᠦᠭᠡᠬᠦ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢ ᠳᠠᠬᠢᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃       ︵ᠠᠷᠪᠠᠨ ᠳᠥᠷᠪᠡ︶ ᠢᠲᠡᠭᠡᠮᠵᠢ ᠶᠢᠨ ᠭᠤᠤᠯ ᠴᠣᠭᠴᠠ ᠶᠢᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠣᠨᠳᠣᠣ ᠰᠠᠨᠠᠯ᠂ ᠵᠠᠭᠠᠯᠳᠤᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠲᠤᠬᠠᠶ ᠣᠨᠳᠣᠤ ᠰᠠᠨᠠᠯ ᠤᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ᠂ ᠰᠶᠢᠳᠪᠦᠷᠢᠯᠡᠬᠦ᠂ ᠬᠠᠷᠢᠭᠤ ᠲᠤᠰᠬᠠᠬᠤ ᠶᠢ ᠪᠡᠶᠡᠯᠡᠭᠦᠯᠬᠦ ᠬᠡᠷᠡᠭᠲᠡᠶ᠃ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠬᠤᠭᠤᠴᠠᠭᠠᠨ ᠳᠤ ᠲᠦᠷ ᠬᠡᠷᠡᠭᠵᠢᠭᠦᠯᠬᠦ ᠥᠬᠡᠶ᠂ ᠬᠢᠨᠠᠨ ᠬᠠᠷᠭᠤᠭᠤᠯᠤᠭᠠᠳ ᠪᠤᠷᠤᠭᠤ ᠲᠠᠢ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠯᠠᠷᠠᠭᠤᠯᠬᠤ ᠪᠤᠶᠤ ᠬᠦᠴᠦᠨ ᠥᠬᠡᠶ ᠪᠣᠯᠭᠠᠬᠤ ᠬᠡᠷᠡᠭᠲᠡᠶ᠃ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠪᠤᠷᠤᠭᠤ ᠪᠠᠷ ᠬᠡᠷᠡᠭᠯᠡᠭᠰᠡᠨ ᠠᠴᠠ ᠪᠣᠯᠵᠣ ᠬᠤᠯᠪᠣᠭᠳᠠᠯ ᠪᠥᠬᠦᠶ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠢᠲᠡᠭᠡᠯ ᠬᠦᠨᠳᠦ ᠶᠢ ᠨᠢ ᠰᠡᠷᠭᠦᠭᠡᠵᠦ᠂ ᠮᠠᠭᠤ ᠨᠥᠯᠥᠭᠡ ᠶᠢ ᠨᠢ ᠠᠷᠢᠯᠭᠠᠬᠤ ᠬᠡᠷᠡᠭᠲᠡᠶ᠃      ︵ᠠᠷᠪᠠᠨ ᠲᠠᠪᠤ︶ ᠢᠲᠡᠭᠡᠮᠵᠢ ᠶᠢᠨ ᠪᠠᠷᠢᠮᠵᠢᠶ᠎ᠠ ᠶᠢᠨ ᠵᠢᠷᠤᠮᠵᠢᠯ ᠢ ᠪᠦᠷᠢᠨᠰᠢᠭᠦᠯᠦᠨ᠎ᠡ᠃ ︽ᠤᠯᠠᠭᠠᠨ ᠬᠠᠷ᠎ᠠ ᠲᠠᠩᠰᠠ︾ ᠶᠢᠨ ᠲᠦᠷᠢᠮ ᠤᠨ ᠪᠠᠶ᠋ᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ︽ᠤᠯᠠᠭᠠᠨ ᠬᠠᠷ᠎ᠠ ᠲᠠᠩᠰᠠ︾ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠮᠠᠨ ᠤ ᠠᠶᠢᠮᠠᠭ ᠤᠨ ᠠᠵᠢᠯ ᠲᠥᠷᠥᠯ ᠤᠨ ᠣᠨᠴᠠᠯᠢᠭ ᠲᠤ ᠨᠡᠶᠢᠴᠡᠭᠰᠡᠨ ︽ᠤᠯᠠᠭᠠᠨ ᠬᠠᠷ᠎ᠠ ᠲᠠᠩᠰᠠ︾ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ᠤᠯᠠᠭᠠᠨ ᠬᠠᠷ᠎ᠠ ᠲᠠᠩᠰᠠ︾ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠮᠠᠭᠠᠳᠯᠠᠨ ᠲᠣᠭᠲᠠᠭᠠᠬᠤ᠂ ᠨᠡᠶᠢᠳᠡᠯᠡᠬᠦ᠂ ᠴᠤᠭᠯᠠᠭᠤᠯᠬᠤ᠂ ᠬᠠᠮᠲᠤᠪᠠᠷ ᠭᠥᠷᠳᠡᠬᠦ᠂ ᠰᠢᠨᠡᠳᠬᠡᠬᠦ ᠪᠠ ᠬᠡᠷᠡᠭᠯᠡᠵᠦ᠂ ᠠᠵᠢᠯ ᠲᠥᠷᠥᠯ ᠤᠨ ᠳᠣᠲᠣᠭᠠᠳᠤ ᠶᠢᠨ ᠱᠠᠩᠨᠠᠵᠤ ᠲᠣᠷᠭᠠᠬᠤ ᠵᠢᠴᠢ ᠰᠠᠯᠠᠭ᠎ᠠ ᠮᠥᠴᠢᠷ ᠠᠯᠤᠰᠯᠠᠨ ᠬᠤᠯᠪᠣᠭᠠᠯᠠᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠠᠭᠤᠯᠵᠠᠷ ᠢ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠯᠠᠨ ᠨᠡᠶᠢᠳᠡ ᠶᠢᠨ ᠦᠢᠯᠡᠴᠢᠯᠡᠭᠡ ᠵᠡᠷᠭᠡ ᠮᠡᠳᠡᠭᠡ ᠵᠠᠩᠭᠢ ᠶᠢᠨ ᠰᠢᠰᠲ᠋ᠧᠮ ᠪᠠ ᠪᠣᠳᠠᠲᠠᠶ ᠠᠵᠢᠯ ᠤᠨ ᠴᠤᠪᠤᠷᠠᠯ ᠳᠤ ᠰᠢᠭᠢᠳᠬᠡᠨ ᠣᠷᠣᠭᠤᠯᠬᠤ ᠶᠢ ᠵᠣᠷᠢᠭᠵᠢᠭᠤᠯᠵᠤ᠂ ︽ᠤᠯᠠᠭᠠᠨ ᠬᠠᠷ᠎ᠠ ᠲᠠᠩᠰᠠ︾ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠬᠡᠷᠡᠭᠯᠡᠨ᠂ ᠨᠢᠭᠡ ᠭᠠᠵᠠᠷ ᠲᠤ ᠢᠲᠡᠭᠡᠯ ᠠᠯᠳᠠᠵᠤ᠂ ᠭᠠᠵᠠᠷ ᠪᠣᠯᠭᠠᠨ ᠳᠤ ᠬᠢᠵᠠᠭᠠᠷᠯᠠᠭᠳᠠᠬᠤ ᠶᠢ ᠦᠨᠡᠨᠬᠦ ᠪᠡᠶᠡᠯᠡᠭᠦᠯᠦᠨ᠎ᠡ᠃ ᠢᠲᠡᠭᠡᠯ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠢᠶᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠦᠭᠰᠡᠨ  ᠨᠡᠶᠢᠳᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠴᠤᠭᠯᠠᠭᠤᠯᠵᠤ᠂ ᠬᠠᠮᠲᠤᠷᠠᠨ ᠱᠠᠩᠨᠠᠵᠤ ᠲᠣᠷᠭᠠᠭᠰᠠᠨ ᠪᠠᠶᠢᠳᠠᠯ ᠢ ᠪᠦᠷᠢᠳᠬᠡᠨ᠎ᠡ᠃       ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠶᠢ  ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠳᠥᠯᠭᠢᠨ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠵᠣᠬᠢᠶᠠᠨ ᠪᠠᠶ᠋ᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠡᠯ᠎ᠡ ᠵᠦᠢᠯ ᠤᠨ ᠬᠠᠮᠲᠤᠷᠠᠨ ᠤᠷᠮᠠᠰᠢᠭᠤᠯᠬᠤ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号