ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠶ ᠬᠠᠭᠤᠳᠠᠰᠤ ︵2024 ᠣᠨ ᠤ ᠬᠡᠪᠯᠡᠯ︶ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/31
      ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠡᠯ᠂ ᠠᠵᠢᠯ ᠦᠢᠯᠡᠰ ᠤᠨ ᠨᠢᠭᠡᠴᠢ ᠳᠤ᠄       ᠠᠶᠢᠮᠠᠭ ᠤᠨ ᠵᠠᠬᠢᠷᠭ᠎ᠠ ᠶᠢᠨ  ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2024 ᠣᠨ ᠤ ᠬᠡᠪᠯᠡᠯ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠳᠣᠤᠷᠠᠬᠢ ᠱᠠᠭᠠᠷᠳᠠᠯᠭ᠎ᠠ ᠶᠣᠰᠣᠭᠠᠷ ᠬᠢᠨᠠᠮᠠᠭᠠᠶ ᠲᠤᠭᠤᠰᠢᠯᠠᠭᠤᠯᠤᠨ  ᠨᠠᠶᠢᠳᠠᠪᠤᠷᠢᠵᠢᠭᠤᠯᠳᠤᠭᠠᠢ᠃       ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ︾ ᠶᠢ ᠴᠢᠩᠭ᠎ᠠ ᠨᠠᠶ᠋ᠢᠳᠠᠪᠤᠷᠢᠵᠢᠭᠤᠯᠤᠨ᠂ ᠨᠠᠷᠢᠨ ᠬᠠᠭᠤᠳᠠᠰᠤ ᠠᠴᠠ ᠭᠠᠳᠠᠨ᠎ᠠ ᠴᠥᠮ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠣᠯᠬᠤ ᠥᠬᠡᠶ᠃       ᠬᠤᠶᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠡᠷᠡᠭᠵᠢᠭᠦᠯᠦᠯᠲᠡ ᠶᠢᠨ ᠵᠢᠷᠤᠮᠵᠢᠯ ᠪᠠ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠴᠠᠭ ᠲᠤᠬᠠᠶ ᠳᠤᠨᠢ ᠰᠢᠨᠡᠳᠬᠡᠨ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠶ᠃       ᠭᠤᠷᠪᠠ᠂ ᠡᠯ᠎ᠡ ᠭᠠᠵᠠᠷ ᠣᠷᠣᠨ ᠨᠢ ᠲᠣᠰ ᠭᠠᠵᠠᠷ ᠣᠷᠣᠨ ᠤ ᠪᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ  ᠨᠠᠶᠢᠷᠠᠭᠤᠯᠤᠨ ᠵᠣᠬᠢᠶᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ  ᠨᠡᠶᠢᠭᠡᠮ ᠳᠤ ᠨᠡᠶᠢᠳᠡᠯᠡᠬᠦ ᠬᠡᠷᠡᠭᠲᠡᠶ᠃       ᠳᠠᠭᠠᠯᠳᠤᠭᠤᠯᠤᠯ ᠢ ᠬᠢᠩᠭᠠᠨ ᠠᠶᠢᠮᠠᠭ ᠤᠨ ᠵᠠᠬᠢᠷᠭ᠎ᠠ ᠶᠢᠨ ᠬᠢᠲᠠᠳ ᠰᠦᠯᠵᠢᠶᠡᠨ ᠠᠴᠠ ᠦᠵᠡᠭᠡᠷᠡᠢ
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号