| 9 ᠰᠠᠷ᠎ᠠ ᠶᠢᠨ 20 ᠤ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ ᠭᠤᠴᠢᠨ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ | ᠫᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠯᠠᠭᠠᠨᠬᠤᠲᠠ ᠶᠢᠨ ᠤᠳᠤᠷᠢᠳᠤᠯᠭ᠎ᠠ ᠮᠠ ᠱᠦ ᠭᠠᠩ᠂ | ᠭᠤᠸᠠᠨ ᠹᠧᠩ᠂ ᠽᠦᠸᠧ ᠶᠠᠨ᠂ ᠯᠢ ᠶᠢᠩ ᠺᠦᠨ᠂ ᠸᠠᠩ ᠭᠦᠸᠧ ᠠᠨ᠂ ᠵᠠᠩ ᠵᠢᠩ ᠵᠢᠩ᠂ ᠸᠠᠩ ᠬᠠᠶ ᠵᠢᠶᠠᠩ | ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠵᠠᠶ | ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ ︽ᠬᠢᠩᠭᠠᠨ ᠠᠶᠢᠮᠠᠭ ᠤᠨ ᠤᠯᠠᠭᠠᠨᠬᠤᠲᠠ ᠶᠢᠨ ᠬᠥᠳᠡᠭᠡ ᠲᠣᠰᠬᠤᠨ ᠤ ᠤᠰᠤ ᠬᠠᠩᠭᠠᠬᠤ ᠴᠢᠨᠠᠷ | ᠰᠠᠶᠢᠲᠠᠶ ᠬᠥᠭᠵᠢᠯᠲᠡ ᠵᠢᠨᠲ᠋ᠥ᠋ᠯᠥᠪᠵᠢᠭᠦᠯᠭᠡ ︵2021 - 2035︶︾ ᠪᠠ ︽ᠤᠯᠠᠭᠠᠨᠬᠤᠲᠠ ᠶᠢᠨ ᠨᠠᠮ | ᠵᠠᠰᠠᠭ ᠤᠨ ᠤᠳᠤᠷᠢᠳᠬᠤ ᠺᠠᠳ᠋ᠷ ᠤᠨ 2024 ᠣᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ | ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ | ᠨᠡᠶᠢᠳᠡ ᠳᠤᠨᠢ ᠬᠠᠷᠠᠭᠠᠯᠵᠠᠵᠤ᠂ ᠤᠯᠠᠭᠠᠨᠬᠤᠲᠠ ᠶᠢᠨ ᠪᠠᠶᠢᠭᠠᠯᠢ ᠶᠢᠨ ᠭᠠᠵᠠᠷ ᠵᠦᠢ᠂ ᠤᠰᠤ ᠭᠠᠵᠠᠷ ᠰᠢᠨᠵᠢᠯᠡᠭᠡ᠂ | ᠠᠮᠢ ᠠᠬᠤᠢ ᠣᠷᠴᠢᠨ ᠲᠣᠭᠤᠷᠢᠨ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠵᠡᠷᠭᠡ ᠡᠯ᠎ᠡ ᠵᠦᠢᠯ ᠤᠨ ᠨᠥᠬᠦᠴᠡᠯ ᠢ | ᠦᠨᠳᠦᠰᠦᠯᠡᠨ᠂ ᠬᠥᠳᠡᠭᠡ ᠲᠣᠰᠬᠤᠨ ᠤ ᠤᠰᠤ ᠬᠠᠩᠭᠠᠬᠤ ᠴᠢᠨᠠᠷ ᠰᠠᠶᠢᠲᠠᠢ ᠬᠥᠭᠵᠢᠯᠲᠡ ᠶᠢᠨ ᠲᠥᠯᠥᠪᠵᠢᠭᠦᠯᠭᠡ ᠶᠢ | ᠰᠠᠶᠢᠲᠤᠷ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠠᠵᠢᠯ ᠢ | ᠰᠢᠰᠲ᠋ᠧᠮ ᠲᠠᠢ ᠠᠬᠢᠭᠤᠯᠬᠤ ᠬᠡᠷᠡᠭᠲᠡᠢ᠃ ᠲᠥᠯᠥᠪᠵᠢᠭᠦᠯᠭᠡ ᠶᠢᠨ ᠳᠣᠲᠣᠷᠠᠬᠢ ᠤᠰᠤ ᠬᠠᠩᠭᠠᠬᠤ ᠲᠥᠷᠥᠯ ᠵᠦᠢᠯ ᠢ | ᠰᠠᠶᠢᠲᠤᠷ ᠬᠡᠷᠡᠭᠵᠢᠭᠦᠯᠵᠦ᠂ ᠲᠣᠭᠲᠠᠭᠰᠠᠨ ᠠᠵᠢᠯ ᠤᠨ ᠬᠠᠷᠠᠯᠲᠠ ᠪᠠ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ᠂ | ᠡᠯ᠎ᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠪᠥᠬᠦ ᠬᠤᠲᠠ ᠶᠢᠨ ᠬᠥᠳᠡᠭᠡ | ᠲᠣᠰᠬᠤᠨ ᠤ ᠤᠰᠤ ᠬᠠᠩᠭᠠᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠤᠳᠠᠯ ᠦᠭᠡᠢ ᠬᠦᠷᠴᠦ ᠢᠷᠡᠬᠦ ᠭᠡᠵᠦ | ᠪᠠᠶᠢᠨ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠴᠦ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ | ᠪᠦᠬᠦ ᠬᠤᠳᠠ ᠪᠠᠷ ᠢᠶᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ | ᠴᠢᠬᠤᠯᠠ ᠶᠡᠭᠡ ᠲᠦᠷᠦᠯ ᠵᠦᠢᠯ᠂ ᠴᠢᠬᠤᠯᠠ ᠠᠵᠤ ᠠᠬᠤᠶᠢᠯᠠᠯ ᠪᠣᠯᠤᠨ ᠵᠠᠩᠭᠢᠯᠠᠭ᠎ᠠ ᠶᠢᠨ ᠬᠦᠷᠢᠶᠡᠨ ᠳᠤ ᠣᠷᠣᠰᠢᠵᠤ | ᠪᠠᠶᠢᠭ᠎ᠠ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠢᠯᠡᠷᠡᠭᠦᠯᠦᠭᠰᠡᠨ | ᠠᠰᠠᠭᠤᠳᠠᠯ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡ᠊ᠨᠳᠡᠯ ᠢ ᠬᠤᠷᠢᠭᠯᠠᠨ | ᠵᠣᠭᠰᠣᠭᠠᠵᠤ᠂ ᠴᠤᠬᠤᠶᠢᠵᠤ ᠪᠠᠶᠢᠭ᠎ᠠ ᠱᠠᠳᠤᠨ ᠳᠤᠨᠢ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ | ᠡ᠊ᠨᠳᠡᠯ ᠭᠠᠷᠬᠤ ᠠᠴᠠ ᠡᠷᠡᠰ ᠵᠠᠶᠢᠯᠠᠰᠬᠢᠬᠦ ᠬᠡᠷᠡᠭᠲᠡᠢ ᠭᠡᠵᠤ ᠴᠢᠩᠭᠠᠳᠬᠠᠵᠠᠢ᠃ |