| 12 ᠰᠠᠷ᠎ᠠ ᠶᠢᠨ 13 ᠤ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ ᠳᠥᠴᠢᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ | ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠤ᠂ ᠤᠯᠠᠭᠠᠨᠬᠤᠲᠠ ᠶᠢᠨ ᠤᠳᠤᠷᠢᠳᠤᠯᠭ᠎ᠠ ᠭᠤᠸᠠᠨ ᠹᠧᠩ᠂ ᠪᠦᠦ ᠭᠦᠸᠧ ᠵᠥᠩ᠂ ᠽᠦᠸᠧ | ᠶᠠᠨ᠂ ᠯᠢ ᠶᠢᠩ ᠺᠦᠨ᠂ ᠯᠢᠦ ᠬᠤᠩ ᠪᠥᠸᠧ᠂ ᠸᠠᠩ ᠭᠦᠸᠧ ᠠᠨ᠂ ᠵᠠᠩ ᠵᠢᠩ ᠵᠢᠩ ᠵᠢᠴᠢ ᠬᠠᠮᠢᠶ᠎ᠠ ᠪᠥᠬᠦᠶ | ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠵᠠᠶ᠃ | ᠬᠤᠷᠠᠯ ᠠᠴᠠ ᠥᠪᠡᠷᠲᠡᠭᠡᠨᠵᠠᠰᠠᠬᠤ ᠣᠷᠣᠨ ᠤ ᠰᠢᠯᠢᠳᠡᠭ ᠢ ᠪᠤᠶᠢᠵᠢᠭᠤᠯᠬᠤ ︽ᠲᠠᠪᠤᠨ ᠰᠠᠶᠢᠨ ᠬᠤᠶᠠᠷ | ᠲᠣᠬᠢᠷᠠᠮᠵᠢᠲᠠᠢ︾ ᠲᠦᠷᠦᠯ ᠵᠦᠢᠯ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ | ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠵᠠᠢ᠃ | ᠬᠤᠷᠠᠯ ᠠᠴᠠ᠂ ︽ᠲᠠᠪᠤᠨ ᠰᠠᠶᠢᠨ ᠬᠤᠶᠠᠷ ᠲᠣᠬᠢᠷᠠᠮᠵᠢᠲᠠᠢ︾ ᠲᠤᠷᠰᠢᠯᠲᠠ ᠶᠢᠨ ᠴᠡᠭ ᠤᠨ ᠲᠦᠷᠦᠯ ᠵᠦᠢᠯ ᠢ | ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠡᠬᠢ ᠪᠠᠶᠠᠯᠢᠭ ᠢ ᠭᠦᠨᠵᠡᠭᠡᠢ ᠠᠭᠤᠳᠠᠯᠬᠤ ᠪᠠ ᠴᠢᠨᠠᠷ ᠰᠠᠶᠢᠲᠠᠢ | ᠠᠰᠢᠭᠯᠠᠵᠤ᠂ ᠨᠡᠩ ᠤᠯᠠᠨ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠬᠥᠭᠵᠢᠯᠲᠡ ᠶᠢᠨ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠬᠤ ᠬᠡᠷᠡᠭᠲᠡᠢ᠃ ᠪᠠᠶᠠᠨᠴᠠᠭᠠᠨ ᠠᠭᠤᠯᠠ ᠶᠢᠨ ᠴᠠᠰᠤᠨ ᠳᠤ ᠭᠤᠯᠭᠤᠬᠤ ᠲᠠᠯᠠᠪᠠᠢ ᠶᠢᠨ ᠣᠷᠣᠨ | ᠪᠠᠶᠢᠷᠢ ᠶᠢᠨ ᠳᠠᠪᠠᠭᠤᠯᠢᠭ᠂ ᠰᠥᠨᠢ ᠶᠢᠨ ᠲᠠᠯᠠᠪᠠᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶᠡᠴᠢᠯᠡᠨ | ᠣᠶᠢᠯᠠᠭᠠᠬᠤ ᠬᠡᠯᠪᠡᠷᠢ᠂ ᠬᠠᠷᠢᠯᠴᠠᠨ ᠬᠥᠳᠡᠯᠦᠯᠴᠡᠬᠦ ᠬᠡᠯᠪᠡᠷᠢ ᠶᠢᠨ ᠵᠢᠭᠤᠯᠴᠢᠯᠠᠯ ᠤᠨ ᠦᠢᠯᠡᠰ ᠤᠨ ᠪᠠᠶᠢᠳᠠᠯ ᠢᠶᠠᠷ | ᠳᠠᠮᠵᠢᠭᠤᠯᠤᠨ᠂ ᠡᠷᠬᠢᠨ ᠲᠣᠭᠤᠷᠢᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠰᠠᠭᠤᠷᠢ ᠶᠢ ᠠᠰᠢᠭᠯᠠᠵᠤ᠂ | ᠬᠥᠳᠡᠭᠡ ᠲᠣᠰᠬᠤᠨ ᠤ ᠦᠢᠯᠡᠴᠢᠯᠡᠭᠡᠨ ᠤ ᠦᠵᠡᠮᠵᠢ ᠶᠢᠨ ᠣᠷᠣᠨ᠂ ᠦᠵᠡᠮᠵᠢ ᠶᠢᠨ ᠣᠷᠣᠨ ᠤ ᠬᠥᠳᠡᠭᠡ | ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠰᠦᠪᠡᠭᠴᠢᠯᠡᠬᠦ ᠬᠡᠷᠡᠭᠲᠡᠢ᠃ ᠪᠦᠬᠦ ᠵᠢᠯ ᠤᠨ | ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠢᠪᠲᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ | ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ | ᠰᠠᠬᠢᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠬᠤ | ᠬᠡᠷᠡᠭᠲᠡᠢ ᠭᠡᠵᠤ ᠴᠢᠬᠤᠯᠠᠴᠢᠯᠠᠵᠠᠢ᠃ |