| ᠤᠶᠢᠷ᠎ᠠ ᠳᠤ᠂ ᠤᠯᠠᠭᠠᠨᠬᠤᠲᠠ ᠶᠢᠨ ᠲᠢᠶᠠᠨ ᠵᠢᠶᠤᠤ ᠭᠡᠷᠡᠭ ᠡᠷᠬᠢᠯᠡᠬᠦ ᠭᠠᠵᠠᠷ ︽ᠰᠢᠶᠤᠤ ᠠᠨ ᠣᠷᠣᠯᠠᠨ | ᠭᠦᠢᠴᠡᠳᠭᠡᠭᠴᠢ︾ ᠤᠶᠤᠨᠴᠢ ᠰᠦᠯᠵᠢᠶᠡᠨ ᠳᠠᠪᠴᠠᠩ ᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠰᠠᠭᠤᠭᠠᠯᠢ | ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠪᠣᠯᠤᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠨ᠂ | ᠣᠶᠤᠨᠴᠢ ᠦᠢᠯᠡᠴᠢᠯᠡᠭᠡᠨ ᠢᠶᠠᠷ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠡᠢ᠃ | ᠤᠯᠠᠭᠠᠨᠬᠤᠲᠠ ᠶᠢᠨ ᠲᠢᠶᠠᠨ ᠵᠢᠶᠤᠤ ᠵᠡᠭᠡᠯᠢ ᠶᠢᠨ ︽ᠰᠢᠶᠤᠤ ᠠᠨ ᠣᠷᠣᠯᠠᠨ ᠭᠦᠢᠴᠡᠳᠭᠡᠭᠴᠢ︾ ᠰᠦᠯᠵᠢᠶᠡᠨ | ᠲᠠᠪᠴᠠᠩ ᠨᠢ᠂ ︽30 ᠮᠢᠨᠦ᠋ᠲ ᠢᠶᠠᠷ ᠴᠠᠭ ᠬᠢᠵᠠᠭᠠᠷᠯᠠᠨ ᠬᠠᠷᠢᠭᠤ ᠥᠭᠬᠦ᠂ 24 ᠴᠠᠭ ᠢᠶᠠᠷ ᠤᠴᠢᠷ ᠶᠠᠪᠤᠳᠠᠯ | ᠰᠢᠢᠳᠪᠦᠷᠢᠯᠡᠬᠦ᠂ 72 ᠴᠠᠭ ᠲᠤ ᠬᠠᠷᠢᠭᠤᠯᠲᠠ ᠥᠭᠬᠦ︾ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ | ᠰᠦᠯᠵᠢᠶᠡᠨ ᠳᠡᠭᠡᠷᠡᠬᠢ ᠴᠢᠳᠠᠮᠵᠢ ᠪᠠᠷ ᠰᠠᠭᠤᠭᠠᠯᠢ ᠠᠷᠠᠳ ᠤᠨ ᠲᠤᠰᠬᠠᠭᠰᠠᠨ ᠡᠯ᠎ᠡ ᠵᠦᠢᠯ ᠤᠨ ᠪᠠᠶᠢᠳᠠᠯ᠂ ᠮᠡᠳᠡᠭᠡ | ᠵᠠᠩᠭᠢ ᠶᠢ ᠴᠤᠭᠯᠠᠭᠤᠯᠵᠤ᠂ ᠠᠳᠠᠯ ᠠᠬᠤᠶ ᠶᠢᠨ ᠦᠢᠯᠡᠴᠢᠯᠡᠭᠡ ᠬᠠᠩᠭᠠᠬᠤ᠂ ᠬᠡᠷᠡᠭ ᠶᠠᠪᠤᠳᠠᠯ ᠤᠨ ᠵᠥᠪᠯᠡᠯᠭᠡ ᠥᠭᠬᠦ | ᠵᠡᠷᠭᠡ ᠲᠠᠯ᠎ᠠ ᠶᠢᠨ ᠠᠵᠢᠯ ᠢ ᠰᠠᠶᠢᠳᠦᠷ ᠬᠢᠵᠦ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠴᠠᠭ | ᠲᠤᠬᠠᠶ ᠳᠤᠨᠢ ᠰᠢᠢᠳᠪᠦᠷᠢᠯᠡᠵᠦ᠂ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠠᠰᠢᠭ ᠬᠦᠷᠲᠡᠭᠡᠵᠡᠢ᠃ ᠡᠨᠡ | ᠵᠢᠯ ᠠᠴᠠ ᠨᠠᠭᠠᠰᠢ᠂ ︽ᠰᠢᠶᠤᠤ ᠠᠨ ᠣᠷᠣᠯᠠᠨ ᠭᠦᠢᠴᠡᠳᠭᠡᠭᠴᠢ︾ ᠡᠯ᠎ᠡ ᠲᠥᠷᠥᠯ ᠤᠨ ᠠᠰᠠᠭᠤᠳᠠᠯ ᠢ 586 | ᠰᠢᠢᠳᠪᠦᠷᠢᠯᠡᠵᠦ᠂ ᠨᠢᠭᠡᠨᠲᠡ ︽ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠪ ᠳᠠᠭᠤᠷᠢᠶᠠᠯ ᠮᠠᠶ᠋ᠢᠭ ᠤᠨ | ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠦᠪ︾ ᠢ ᠡᠭᠦᠳᠦᠨ ᠪᠠᠶᠢᠭᠤᠯᠬᠤ | ᠰᠢᠯᠭᠠᠯᠲᠠ ᠳᠤ ᠬᠢᠷᠢ ᠲᠡᠩᠴᠡᠭᠰᠡᠨ ᠪᠠᠶᠢᠨ᠎ᠠ᠃ | ᠮᠠᠨ ᠤ ᠤᠯᠤᠰ ᠤᠨ ᠬᠥᠮᠦᠨ ᠠᠮᠠ ᠶᠢᠨ ᠨᠠᠰᠤᠵᠢᠯᠲᠠ ᠶᠢᠨ ᠠᠬᠢᠴᠠ ᠶᠢᠨ ᠲᠦᠷᠭᠡᠳᠬᠦ ᠶᠢ ᠳᠠᠭᠠᠯᠳᠤᠨ᠂ | ᠴᠢᠳᠠᠪᠤᠷᠢ ᠪᠠᠨ ᠠᠯᠳᠠᠭᠰᠠᠨ ᠣᠶᠤᠨ ᠤᠬᠠᠭᠠᠨ ᠢᠶᠠᠨ ᠠᠯᠳᠠᠭᠰᠠᠨ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠠᠰᠠᠭᠤᠳᠠᠯ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠨᠡᠶᠢᠭᠡᠮ ᠨᠡᠶᠢᠲᠡ ᠶᠢᠨ ᠠᠩᠬᠠᠷᠤᠯ ᠤᠨ ᠲᠥᠪ ᠪᠣᠯᠵᠣ ᠪᠠᠶᠢᠨ᠎ᠠ᠃ | ᠡᠨᠡᠬᠦ ᠠᠬᠤᠢ ᠪᠠᠶᠢᠳᠠᠯ ᠳᠣᠣᠷ᠎ᠠ᠂ ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠢ | ᠡᠮᠨᠡᠯᠭᠡ ᠶᠢᠨ ᠬᠤᠷᠢᠶ᠎ᠠ ᠶᠢᠨ ᠬᠤᠳᠠ ᠶᠢᠨ ᠲᠡᠭᠦᠷᠭᠡ ᠨᠡᠶᠢᠭᠡᠮ ᠲᠣᠭᠤᠷᠢᠭ ᠬᠤᠪᠢᠶᠠᠷᠢ ᠬᠤᠷᠢᠶ᠎ᠠ ᠤᠯᠤᠰ ᠤᠨ | ᠪᠠᠶᠢᠯᠳᠤᠬᠤ ᠪᠤᠳᠤᠯᠭ᠎ᠠ ᠶᠢ ᠢᠳᠡᠪᠬᠢᠲᠡᠢ ᠳᠠᠭᠠᠵᠤ᠂ ᠵᠣᠷᠢᠭᠲᠠᠢ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ | ᠴᠢᠳᠠᠪᠤᠷᠢ ᠪᠠᠨ ᠠᠯᠳᠠᠭᠰᠠᠨ ᠤᠶᠤᠨ ᠤᠬᠠᠭᠠᠨ ᠢᠶᠠᠨ ᠠᠯᠳᠠᠭᠰᠠᠨ ᠨᠠᠰᠤᠲᠠᠶᠢᠴᠤᠳ ᠢ ᠤᠷᠢᠳᠴᠢᠯᠠᠨ ᠰᠡᠷᠭᠡᠶᠢᠯᠡᠵᠦ | ᠬᠠᠮᠢᠶᠠᠷᠬᠤ ᠲᠦᠷᠦᠯ ᠵᠦᠢᠯ ᠢ ᠢᠳᠡᠪᠬᠢᠳᠠᠢ ᠥᠷᠨᠢᠭᠦᠯᠵᠦ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ | ᠰᠠᠶᠢᠵᠢᠷᠠᠭᠤᠯᠬᠤ᠂ ᠡᠷᠡᠭᠦᠯ ᠴᠢᠭᠢᠷᠠᠭ ᠨᠠᠰᠤᠵᠢᠯᠲᠠ ᠶᠢ ᠠᠬᠢᠭᠤᠯᠬᠤ ᠳᠤ ᠲᠤᠯᠢ ᠪᠣᠯᠭᠠᠵᠤ ᠪᠣᠯᠬᠤ ᠵᠢᠱᠢᠶ᠎ᠠ | ᠬᠠᠩᠭᠠᠵᠦ ᠪᠠᠶᠢᠨ᠎ᠠ᠃ | ︵ᡁᠢ ᠮᠢᠨ ᠸᠠᠩ ᠫᠢᠡᠭ︶ |