| ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠥᠷᠨᠢᠭᠦᠯᠦᠭᠰᠡᠨ ︽2024 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠢ | ᠮᠠᠭᠠᠳᠯᠠᠨ ᠲᠣᠭᠲᠠᠭᠠᠬᠤ ᠠᠵᠢᠯ ᠤᠨ ᠳᠤᠮᠳᠠ᠂ ᠤᠯᠠᠭᠠᠨᠬᠤᠲᠠ ᠶᠢᠨ ᠲᠡᠮᠦᠷ ᠵᠠᠮ ᠤᠨ ᠪᠠᠷᠠᠭᠤᠨᠳᠡᠬᠢ ᠠᠮᠤ ᠪᠤᠳᠠᠭ᠎ᠠ | ᠨᠥᠭᠡᠴᠡᠯᠡᠬᠦ ᠬᠢᠵᠠᠭᠠᠷᠲᠤ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠭ᠎ᠠ ᠪᠦᠷᠢᠳᠬᠡᠯ ᠤᠨ ᠦᠨᠡᠨᠴᠢ | ᠢᠲᠡᠭᠡᠮᠵᠢᠲᠡᠶ ᠠᠵᠤ ᠠᠬᠤᠶᠢᠯᠠᠯ ᠢᠶᠠᠷ ᠦᠨᠡᠯᠡᠭᠳᠡᠪᠡ᠃ | ᠲᠤᠰ ᠠᠵᠤ ᠠᠬᠤᠶᠢᠯᠠᠯ ᠨᠢ ᠡᠳᠦᠷ ᠲᠤᠲᠤᠮ ᠤᠨ ᠲᠤᠭ᠎ᠠ ᠪᠦᠷᠢᠳᠬᠡᠯ ᠤᠨ ᠠᠵᠢᠯ ᠤᠨ ᠳᠤᠮᠳᠠ ᠲᠤᠭ᠎ᠠ | ᠪᠦᠷᠢᠳᠬᠡᠯ ᠤᠨ ᠢᠲᠡᠭᠡᠮᠵᠢ ᠶᠢᠨ ᠪᠠᠶᠢᠭᠤᠯᠤᠯᠲᠠ ᠳᠤᠮᠳᠠᠬᠢ ᠵᠢᠱᠢᠶ᠎ᠡ ᠦᠵᠡᠭᠦᠯᠵᠦ ᠲᠠᠶᠢᠴᠢᠯᠡᠨ ᠳᠠᠭᠠᠭᠤᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠬᠥᠮᠦᠵᠢᠯ ᠢ ᠦᠷᠭᠦᠯᠵᠢᠯᠡᠨ ᠴᠢᠩᠭᠠᠳᠬᠠᠵᠤ | ᠂ ᠦᠨᠡᠨᠴᠢ ᠢᠲᠡᠭᠡᠮᠵᠢ ᠶᠢᠨ ᠦᠵᠡᠯᠲᠡ ᠶᠢ ᠪᠤᠢ ᠪᠣᠯᠭᠠᠵᠤ᠂ ᠦᠨᠡᠨᠴᠢ ᠢᠲᠡᠭᠡᠮᠵᠢ ᠶᠢᠨ ᠬᠡᠪ ᠰᠤᠷᠲᠠᠯ ᠢ | ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠪᠦᠷᠢᠳᠬᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ | ᠪᠤᠢ ᠪᠣᠯᠭᠠᠵᠤ᠂ ᠪᠦᠬᠦ ᠬᠤᠳᠠ ᠶᠢᠨ ᠠᠵᠤ ᠠᠬᠤᠶᠢᠯᠠᠯ ᠤᠨ ᠵᠢᠱᠢᠶᠡᠴᠢ ᠪᠣᠯᠵᠠᠢ᠃ 8 ᠰᠠᠷ᠎ᠠ ᠶᠢᠨ 15 ᠤ ᠡᠳᠦᠷ᠂ | ᠬᠢᠩᠭᠠᠨ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ | ᠠᠬᠤᠶᠢᠯᠠᠯ ᠳᠤ ᠫᠠᠶᠢᠰᠠ ᠣᠯᠭᠤᠬᠤ ᠶᠣᠰᠣᠯᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠠᠶᠢᠮᠠᠭ ᠤᠨ | ᠢᠷᠠᠭᠤ ᠠᠯᠳᠠᠷ ᠣᠯᠤᠭᠰᠠᠨ ᠬᠤᠶᠠᠷ ᠠᠵᠤ ᠠᠬᠤᠶᠢᠯᠠᠯ ᠳᠤ ᠫᠠᠶᠢᠰᠠ ᠣᠯᠭᠤᠪᠠ᠃ |