| | ᠭᠤᠷᠪᠠᠳᠤᠭᠠᠷ ᠤᠯᠠᠷᠢᠯ ᠳᠤ᠂ ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 25920 ᠲᠥᠭᠦᠷᠢᠭ ᠢ ᠪᠡᠶᠡᠯᠡᠭᠦᠯᠵᠦ᠂ ᠪᠥᠬᠦ ᠠᠶᠢᠮᠠᠭ ᠤᠨ ᠳᠤᠮᠳᠠᠴᠢ ᠬᠢᠷᠢ | ᠲᠦᠪᠰᠢᠨ ᠠᠴᠠ 4487 ᠲᠥᠭᠦᠷᠢᠭ ᠥᠨᠳᠥᠷ ᠪᠣᠯᠵᠣ᠂ ᠠᠳᠠᠯᠢ ᠬᠤᠭᠤᠴᠠᠭᠠᠨ ᠤ ᠬᠢ ᠠᠴᠠ 6.5% ᠪᠠᠷ | ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 34790 ᠲᠥᠭᠦᠷᠢᠭ ᠢ ᠪᠡᠶᠡᠯᠡᠭᠦᠯᠵᠦ᠂ ᠪᠥᠬᠦ ᠠᠶᠢᠮᠠᠭ ᠤᠨ ᠳᠤᠮᠳᠠᠴᠢ ᠬᠢᠷᠢ | ᠲᠦᠪᠰᠢᠨ ᠠᠴᠠ 3132 ᠲᠥᠭᠦᠷᠢᠭ ᠥᠨᠳᠥᠷ ᠪᠣᠯᠵᠣ᠂ ᠠᠳᠠᠯᠢ ᠬᠤᠭᠤᠴᠠᠭᠠᠨ ᠤ ᠬᠢ ᠠᠴᠠ 5.7% ᠪᠠᠷ | ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠲᠤ ᠵᠢᠭᠰᠠᠭᠠᠭᠳᠠᠪᠠ᠂ ᠨᠡᠮᠡᠭᠳᠡᠯ ᠤᠨ ᠬᠤᠷᠳᠤᠴᠠ ᠨᠢ ᠪᠥᠬᠦ | ᠠᠶᠢᠮᠠᠭ ᠤᠨ ᠳᠥᠷᠪᠡᠳᠦᠭᠡᠷ ᠲᠤ ᠵᠢᠭᠰᠠᠭᠠᠭᠳᠠᠪᠠ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15133 ᠲᠥᠭᠦᠷᠢᠭ ᠢ ᠪᠡᠶᠡᠯᠡᠭᠦᠯᠵᠦ᠂ ᠪᠥᠬᠦ | ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 3139 ᠲᠥᠭᠦᠷᠢᠭ ᠥᠨᠳᠥᠷ ᠪᠣᠯᠵᠣ᠂ ᠠᠳᠠᠯᠢ | ᠬᠤᠭᠤᠴᠠᠭᠠᠨ ᠤ ᠬᠢ ᠠᠴᠠ 7.8% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠠᠶᠢᠮᠠᠭ ᠲᠤ ᠲᠡᠷᠢᠬᠦᠯᠡᠵᠤ᠂ | ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠲᠠᠪᠤᠳᠤᠭᠠᠷ ᠲᠤ ᠵᠢᠭᠰᠠᠭᠠᠭᠳᠠᠪᠠ᠃ |