| | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ | ᠂ ᠵᠠᠯᠠᠭᠤ ᠺᠠᠳ᠋ᠷᠴᠤᠳ ᠤᠨ ᠰᠢᠨ᠎ᠡ ᠬᠦᠴᠦᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢ | ᠵᠣᠷᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ 2024 | ᠣᠨ ᠤ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠣᠪᠴᠢᠶ᠎ᠠ ᠶᠢᠨ ᠭᠤᠤᠯ ᠤᠳᠤᠷᠢᠳᠤᠯᠭ᠎ᠠ | ᠵᠠᠯᠠᠭᠤ ᠺᠠᠳ᠋ᠷᠴᠤᠳ ᠲᠠᠢ ᠨᠢᠭᠤᠷᠳᠠᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠣᠯᠠᠨ ᠤ ᠲᠥᠷᠥᠭᠳᠡᠯ ᠢᠶᠠᠨ | ᠶᠠᠷᠢᠬᠤ ᠶᠢ ᠰᠣᠨᠣᠰᠪᠠ᠃ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ 30 ᠪᠦᠬᠦᠯᠢ ᠨᠠᠰᠤ ᠵᠢᠴᠢ | ᠲᠡᠭᠦᠨ ᠠᠴᠠ ᠳᠣᠷᠣᠭᠰᠢᠬᠢ ᠵᠠᠯᠠᠭᠤ ᠺᠠᠳ᠋ᠷ ᠲᠤᠰ ᠤᠳᠠᠭᠠᠨ ᠤ ᠬᠤᠷᠠᠯ ᠳᠤ ᠣᠷᠣᠯᠴᠠᠪᠠ᠃ | | | | | | | ᠶᠠᠷᠢᠯᠴᠠᠬᠤ ᠬᠤᠷᠠᠯ ᠳᠡᠭᠡᠷ᠎ᠡ᠂ 14 ᠵᠠᠯᠠᠭᠤ ᠺᠠᠳ᠋ᠷ ᠤᠨ ᠲᠥᠯᠥᠭᠡᠯᠡᠭᠴᠢ ᠢᠳᠡᠪᠬᠢᠲᠡᠢ ᠪᠠᠷ ᠶᠠᠷᠢᠶ᠎ᠠ ᠲᠠᠯᠪᠢᠵᠤ᠂ | ᠠᠵᠢᠯ ᠤᠨ ᠪᠠᠶᠢᠷᠢ ᠪᠣᠯᠤᠨ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠡᠷᠬᠢᠨ ᠬᠦᠰᠡᠯᠡᠩ | ᠢᠲᠡᠭᠡᠯ ᠪᠢᠰᠢᠷᠡᠯ ᠢᠶᠠᠨ ᠪᠠᠲᠤᠳᠬᠠᠬᠤ᠂ ᠴᠢᠳᠠᠪᠤᠷᠢ ᠪᠠᠨ ᠳᠡᠭᠡᠭᠰᠢᠯᠡᠭᠦᠯᠬᠦ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠬᠤ ᠲᠤᠬᠠᠢ ᠣᠶᠢᠯᠠᠭᠠᠯᠲᠠ ᠪᠠᠨ ᠶᠠᠷᠢᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ | ᠬᠥᠭᠵᠢᠶᠡᠨ ᠲᠠᠢ ᠪᠠᠶᠢᠵᠤ᠂ ᠵᠠᠯᠠᠭᠤ ᠺᠠᠳ᠋ᠷᠴᠤᠳ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠲᠡᠳᠡ᠂ ᠲᠣᠰ ᠤᠳᠠᠭᠠᠨ ᠤ | ᠶᠠᠷᠢᠯᠴᠠᠬᠤ ᠬᠤᠷᠠᠯ ᠢᠶᠠᠷ ᠰᠢᠨ᠎ᠡ ᠡᠬᠢᠯᠡᠯᠲᠡ ᠪᠣᠯᠭᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ | ᠴᠢᠷᠮᠠᠶᠢᠨ ᠠᠵᠢᠯᠯᠠᠵᠤ᠂ ᠲᠣᠰ ᠪᠡᠶ᠎ᠡ ᠶᠢᠨ ᠴᠢᠳᠠᠪᠤᠷᠢ ᠬᠡᠪ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠵᠣᠷᠢᠭᠲᠠᠶ ᠪᠠᠷ ᠰᠢᠨ᠎ᠡ ᠶᠢ ᠡᠭᠦᠳᠴᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠥᠪᠡᠷ ᠤᠨ ᠵᠠᠯᠠᠭᠤ ᠨᠠᠰᠤᠨ ᠤ ᠬᠦᠴᠦᠨ ᠴᠢᠳᠠᠯ ᠢᠶᠠᠨ | ᠡᠷᠭᠦᠨ᠎ᠡ ᠭᠡᠵᠦ ᠢᠯᠡᠳᠬᠡᠵᠡᠭᠡᠪᠡ᠃ |