| | ᠤᠶᠢᠷ᠎ᠠ ᠳᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠵᠥᠷᠢᠴᠡᠯ ᠵᠢᠭᠤᠷᠠᠯᠳᠤᠭᠠᠨ ᠢ | ᠨᠠᠮᠳᠠᠭᠤᠯᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠠᠢ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠥᠷᠢᠴᠡᠯ | ᠵᠢᠭᠤᠷᠠᠯᠳᠤᠭᠠᠨ ᠢ ᠨᠠᠮᠳᠠᠭᠤᠯᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢ | ᠪᠠᠶᠢᠷᠢᠯᠠᠭᠤᠯᠪᠠ᠃ | | | | | | | ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ︽ | ᠳᠥᠷᠪᠡᠨ ᠰᠢᠨ᠎ᠡ ᠱᠠᠭᠠᠷᠳᠠᠯᠭ᠎ᠠ︾ ᠪᠠ ︽ᠴᠠᠭᠳᠠᠭᠠᠨ ᠤ ᠶᠠᠪᠤᠳᠠᠯ ᠤᠨ ᠰᠢᠨ᠎ᠡ ᠤᠶᠢᠯᠠᠭᠠᠭᠳᠠᠬᠤᠨ︾ ᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ | ᠢᠯᠡᠳᠲᠡ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠠᠵᠢᠯ ᠤᠨ ᠬᠠᠷᠢᠭᠤᠴᠠᠯᠭ᠎ᠠ ᠶᠢᠨ ᠲᠠᠯ᠎ᠠ ᠪᠠᠷ ︽ᠪᠣᠳᠠᠲᠠᠢ︾ | ᠪᠠᠶᠢᠬᠤ ᠶᠢ ᠪᠠᠷᠢᠮᠲᠠᠯᠠᠵᠤ᠂ ᠠᠵᠢᠯᠯᠠᠭᠠᠨ ᠤ ᠦᠷ᠎ᠡ ᠪᠦᠲᠦᠮᠵᠢ ᠶᠢᠨ ︽ᠰᠢᠯᠢᠳᠡᠭ︾ ᠢ ᠡᠷᠬᠢᠮᠯᠡᠵᠦ᠂ ᠠᠵᠢᠯᠯᠠᠭᠠᠨ ᠤ | ᠰᠢᠰᠲ᠋ᠧᠮ ᠤᠨ ︽ᠰᠢᠨ᠎ᠡ︾ ᠶᠢ ᠡᠷᠬᠢᠮᠯᠡᠵᠦ᠂ ᠥᠨᠳᠥᠷ ᠬᠢᠷᠢ ᠲᠦᠪᠰᠢᠨ᠂ ᠥᠨᠳᠥᠷ ᠶᠠᠰᠤ ᠴᠢᠨᠠᠷ ᠦᠷ᠎ᠡ | ᠪᠦᠲᠦᠮᠵᠢᠲᠡᠶ ︽ᠲᠤᠰᠬᠠᠶ ᠠᠵᠢᠯᠯᠠᠭ᠎ᠠ︾ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ᠃ | ᠨᠢᠭᠡ ᠳᠤ ︽ᠲᠦᠷᠪᠡ ᠶᠢ ᠬᠢᠵᠠᠭᠠᠷᠯᠠᠬᠤ︾ ᠠᠷᠭ᠎ᠠ ᠬᠡᠮᠵᠢᠶ᠎ᠡ ᠶᠢ ᠠᠵᠢᠯᠯᠠᠭ᠎ᠠ ᠶᠢᠨ ᠡᠬᠢᠨ ᠠᠴᠠ ᠨᠢ ᠳᠠᠭᠤᠰᠲᠠᠯ᠎ᠠ | ᠡᠷᠡᠰ ᠲᠤᠭᠤᠰᠢᠯᠠᠭᠤᠯᠬᠤ ᠬᠡᠷᠡᠭᠲᠡᠶ᠃ ᠬᠤᠶᠠᠷ ᠲᠤ᠂ ︽ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ︾ | ᠶᠢ ᠢᠮᠠᠭᠲᠠ ᠲᠤᠭᠤᠰᠢᠯᠠᠭᠤᠯᠬᠤ ᠬᠡᠷᠡᠭᠲᠡᠢ᠃ ᠭᠤᠷᠪᠠ ᠳᠤ᠂ ︽ᠵᠠᠩᠭᠢᠯᠠᠭ᠎ᠠ ᠶᠢᠨ ᠴᠡᠭ ᠤᠨ ᠠᠮᠤᠷ ᠢ ᠬᠠᠮᠠᠭᠠᠯᠠᠬᠤ︾ | ᠶᠢ ᠢᠮᠠᠭᠲᠠ ᠲᠤᠭᠤᠰᠢᠯᠠᠭᠤᠯᠬᠤ ᠬᠡᠷᠡᠭᠲᠡᠢ᠃ ᠲᠦᠷᠪᠡ ᠳᠤ᠂ ︽ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ︾ | ᠶᠢ ᠢᠮᠠᠭᠲᠠ ᠲᠤᠭᠤᠰᠢᠯᠠᠭᠤᠯᠬᠤ ᠬᠡᠷᠡᠭᠲᠡᠢ᠃ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠣᠯᠠᠨ ᠨᠡᠶᠢᠲᠡ ᠶᠢᠨ ᠠᠮᠤᠷ ᠲᠦᠪᠰᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠳᠡᠢ ᠭᠡᠵᠤ ᠴᠢᠬᠤᠯᠠᠴᠢᠯᠠᠵᠠᠢ᠃ |