| | ︽ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ︾ ᠪᠠ ︽ᠰᠢᠨ᠎ᠡ | ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ | ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠠᠴᠠ ᠲᠠᠷᠬᠠᠭᠠᠭᠰᠠᠨ ︹2020︺36 ᠲᠣᠭᠠᠲᠤ︶ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠬᠢᠩᠭᠠᠨ ᠠᠶᠢᠮᠠᠭ ᠤᠨ ᠳᠤᠮᠳᠠᠳᠤ | ᠪᠠᠭ᠎ᠠ ᠰᠤᠷᠭᠠᠭᠤᠯᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠢ | ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠤᠶᠢᠷ᠎ᠠ ᠳᠤ᠂ ᠤᠯᠠᠭᠠᠨᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ 2024 ᠣᠨ ᠤ ᠤᠯᠠᠭᠠᠨᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ | ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ ᠶᠢᠨ ᠶᠠᠰᠤ ᠴᠢᠨᠠᠷ ᠤᠨ ᠵᠠᠳᠠᠯᠤᠯᠲᠠ ᠶᠢᠨ | ᠬᠤᠷᠠᠯ ᠵᠢᠴᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠬᠦᠯᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ | | | | | | | | | ᠤᠯᠠᠭᠠᠨᠬᠤᠲᠠ ᠶᠢᠨ ᠪᠠᠭᠰᠢ ᠶᠢᠨ ᠬᠦᠭᠵᠢᠬᠦᠯᠦᠯᠳᠡ ᠶᠢᠨ ᠲᠥᠪ ᠤᠨ ᠪᠡᠶ᠎ᠡ ᠶᠢᠨ ᠲᠠᠮᠢᠷ ᠤᠨ ᠵᠢᠭᠠᠨ | ᠰᠤᠳᠤᠯᠤᠭᠴᠢ ᠵᠣᠣ ᠶᠦᠩ 2024 ᠣᠨ ᠤ ᠳᠡᠭᠡᠷ᠎ᠡ ᠬᠠᠭᠠᠰ ᠵᠢᠯ ᠳᠤ ᠪᠠᠭ᠎ᠠ ᠰᠤᠷᠭᠠᠭᠤᠯᠢ ᠲᠡᠭᠦᠰᠦᠭᠰᠡᠳ ᠤᠨ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠷᠢ ᠲᠡᠩᠴᠡᠭᠰᠡᠨ ᠴᠢᠨᠠᠷ ᠤᠨ ᠰᠢᠯᠭᠠᠨ ᠦᠨᠡᠯᠡᠯᠲᠡ ᠳᠤ ᠵᠠᠳᠠᠯᠤᠯᠲᠠ | ᠬᠢᠪᠠ᠃ ᠡᠨᠡ ᠪᠣᠯ ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠲᠣᠭᠲᠠᠭᠠᠭᠰᠠᠨ ᠪᠥᠭᠡᠳ | ᠵᠣᠬᠢᠶᠠᠨ ᠪᠠᠶᠢᠭᠤᠯᠵᠤ ᠥᠷᠨᠢᠭᠦᠯᠦᠭᠰᠡᠨ ᠠᠩᠬᠠᠳᠤᠭᠠᠷ ᠬᠤᠭᠤᠴᠠᠭᠠᠨ ᠤ ᠪᠠᠭ᠎ᠠ ᠰᠤᠷᠭᠠᠭᠤᠯᠢ ᠲᠡᠭᠦᠰᠦᠭᠰᠡᠳ ᠤᠨ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠪᠣᠯᠤᠨ᠎ᠠ᠂ ᠡᠨᠡ ᠨᠢ ᠪᠠᠭ᠎ᠠ ᠰᠤᠷᠭᠠᠭᠤᠯᠢ ᠠᠴᠠ | ᠡᠬᠢᠯᠡᠨ ᠮᠥᠷᠳᠡᠨ ᠦᠨᠡᠯᠡᠬᠦ ᠲᠣᠭᠲᠠᠴᠠ ᠶᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ | ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠶᠢ ᠵᠣᠯᠭᠠᠭᠤᠯᠬᠤ ᠶᠢ | ᠴᠢᠩᠭᠠᠳᠬᠠᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠥᠭᠡᠷᠡᠴᠢᠯᠡᠯᠲᠡ ᠪᠠ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠶᠤᠮ᠃ | | | | | | | | | ᠬᠤᠷᠠᠯ ᠳᠡᠭᠡᠷ᠎ᠡ᠂ ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠤᠬᠦᠨ᠂ ᠳᠡᠳ᠋ ᠲᠣᠪᠴᠢᠶᠠᠨ ᠳᠠᠷᠤᠭ᠎ᠠ ᠯᠢ ᠰᠢᠶᠤᠤ ᠢᠦᠶ ᠬᠠᠮᠢᠶ᠎ᠠ ᠪᠥᠬᠦᠶ ᠠᠵᠢᠯ ᠤᠨ | ᠲᠤᠬᠠᠶ ᠱᠠᠭᠠᠷᠳᠠᠯᠭ᠎ᠠ ᠳᠤᠷᠠᠳᠪᠠ᠂ ᠨᠢᠭᠡ ᠳᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠮᠠᠰᠢ | ᠴᠢᠬᠤᠯᠠᠴᠢᠯᠠᠵᠤ᠂ ︽ᠪᠡᠶ᠎ᠡ ᠶᠢᠨ ᠲᠠᠮᠢᠷ ᠥᠬᠡᠶ ᠪᠣᠯ ᠰᠤᠷᠭᠠᠨ ᠬᠥᠮᠦᠵᠢᠯ ᠥᠬᠡᠶ ᠪᠠᠶᠢᠬᠤ︾ ᠣᠨᠣᠯᠵᠢᠬᠤᠨ ᠢ | ᠪᠠᠷᠢᠮᠲᠠᠯᠠᠬᠤ ᠬᠡᠷᠡᠭᠲᠡᠶ᠃ ᠬᠤᠶᠠᠷ ᠲᠤ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠣᠨᠴᠠᠯᠢᠭ ᠢ ᠲᠤᠪᠤᠶᠢᠯᠭᠠᠨ ᠠᠭᠤᠯᠤᠭᠳᠠᠬᠤᠨ ᠢ ᠠᠳᠬᠤᠬᠤ ᠬᠡᠷᠡᠭᠳᠡᠢ᠃ ᠭᠤᠷᠪᠠ ᠳᠤ᠂ ︽ | ᠬᠢᠴᠢᠶᠡᠯ ᠤᠨ ᠵᠠᠪᠰᠠᠷᠯᠠᠭ᠎ᠠ ᠶᠢᠨ 15 ᠮᠢᠨᠦ᠋ᠲ︾ ᠢ ᠢᠳᠡᠪᠬᠢᠲᠡᠢ ᠠᠬᠢᠭᠤᠯᠵᠤ᠂ ᠬᠢᠴᠢᠶᠡᠯ ᠤᠨ ᠵᠠᠪᠰᠠᠷᠯᠠᠭ᠎ᠠ ᠶᠢᠨ | ᠴᠠᠭ ᠢ ᠤᠷᠳᠤᠳᠬᠠᠵᠤ᠂ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠰᠤᠷᠤᠭᠴᠢᠳ ᠲᠤ ᠪᠤᠴᠠᠭᠠᠬᠤ ᠬᠡᠷᠡᠭᠲᠡᠢ᠃ | ᠳᠥᠷᠪᠡ ᠳᠤ᠂ ᠰᠤᠷᠭᠠᠭᠤᠯᠢ ᠠᠴᠠ ᠲᠠᠯᠠᠪᠤᠷ ᠭᠠᠵᠠᠷ᠂ ᠪᠠᠭᠠᠵᠢ ᠬᠡᠷᠡᠭᠰᠡᠯ᠂ ᠠᠵᠢᠯᠲᠠᠨ᠂ ᠵᠠᠷᠤᠳᠠᠯ ᠤᠨ | ᠪᠠᠲᠤᠯᠠᠭ᠎ᠠ ᠶᠢ ᠭᠦᠢᠴᠡᠳ ᠰᠠᠶᠢᠲᠤᠷ ᠬᠢᠬᠦ ᠬᠡᠷᠡᠭᠳᠡᠢ᠃ ᠲᠠᠪᠤ ᠳᠤ᠂ ᠬᠡᠷ ᠪᠦᠯᠢ ᠪᠠ ᠰᠤᠷᠭᠠᠭᠤᠯᠢ ᠬᠠᠮᠳᠤᠷᠠᠨ | ᠬᠦᠮᠤᠵᠢᠬᠦᠯᠬᠦ ᠠᠵᠢᠯ ᠢ ᠰᠠᠶᠢᠲᠤᠷ ᠬᠢᠵᠦ᠂ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠷᠢ | ᠲᠦᠪᠰᠢᠨ ᠤ ᠳᠡᠭᠡᠭᠰᠢᠯᠡᠯᠲᠡ ᠶᠢ ᠬᠠᠮᠵᠢᠯᠴᠠᠨ ᠠᠬᠢᠭᠤᠯᠬᠤ ᠬᠡᠷᠡᠭᠳᠡᠢ᠃ ᠵᠢᠷᠭᠤᠭ᠎ᠠ ᠳᠤ᠂ ᠬᠠᠮᠢᠶ᠎ᠠ ᠪᠥᠬᠦᠶ ᠠᠵᠢᠯ ᠳᠤ | ᠬᠢᠨᠠᠯᠲᠠ ᠲᠠᠯᠪᠢᠵᠤ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠰᠤᠷᠤᠭᠴᠢᠳ ᠤᠨ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠢ | ᠭᠡᠵᠤ ᠱᠠᠭᠠᠷᠳᠠᠵᠠᠢ᠃ |