| | ᠤᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠭᠤᠤᠯᠯᠠᠨ ᠡᠷᠬᠢᠯᠡᠭᠰᠡᠨ ᠳᠤᠮᠳᠠᠳᠤ ᠤᠯᠤᠰ ᠣᠯᠠᠨ | ᠤᠯᠤᠰ ᠤᠨ ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ ᠱᠠᠩᠬᠠᠶ ᠶᠢᠨ ᠤᠯᠤᠰ ᠤᠨ ᠬᠤᠷᠠᠯ ᠤᠨ | ᠦᠵᠡᠰᠬᠦᠯᠡᠩ ᠤᠨ ᠲᠥᠪ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠤᠯᠠᠭᠠᠨᠬᠤᠲᠠ ᠶᠢᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠠᠵᠢᠯᠲᠠᠨ ᠵᠢᠴᠢ ᠤᠯᠠᠭᠠᠨᠬᠤᠲᠠ ᠶᠢᠨ ᠰᠣᠶᠣᠯ ᠵᠢᠭᠤᠯᠴᠢᠯᠠᠯ | ᠤᠨ ᠠᠵᠤ ᠠᠬᠤᠶᠢᠯᠠᠯ ᠤᠨ ᠬᠢᠨ ᠲᠤᠰ ᠤᠳᠠᠭᠠᠨ ᠤ ᠦᠵᠡᠰᠬᠦᠯᠡᠩ ᠳᠤ ᠣᠷᠣᠯᠴᠠᠵᠠᠶ᠃ | | | | | | | | | | ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ ᠳᠡᠭᠡᠷ᠎ᠡ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ ︽ᠥᠪᠥᠷ ᠮᠣᠩᠭᠤᠯ · ᠳᠠᠪᠠᠭᠠᠨ ᠳᠡᠭᠡᠷᠡᠬᠢ ᠬᠢᠩᠭᠠᠨ ᠠᠶᠢᠮᠠᠭ · ᠮᠥᠰᠥ ᠴᠠᠰᠤᠳᠤ | ᠤᠯᠠᠭᠠᠨᠬᠤᠳᠠ︾ ᠪᠠᠷ ᠭᠤᠣᠯ ᠰᠡᠳᠦᠪ ᠪᠣᠯᠭᠠᠵᠤ᠂ ︽ᠶᠠᠭᠤ ᠢᠳᠡᠬᠦ᠂ ᠶᠠᠭᠤ ᠨᠠᠭᠠᠳᠬᠤ᠂ ᠶᠠᠭᠤ ᠶᠢ ᠦᠵᠡᠬᠦ︾ | ᠵᠡᠷᠭᠡ ᠵᠢᠷᠭᠤᠭᠠᠨ ᠶᠡᠭᠡ ᠬᠡᠰᠡᠭ ᠤᠨ ᠲᠣᠭᠤᠷᠢᠨ ᠳᠤ ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ | ᠡᠬᠢ ᠪᠠᠶᠠᠯᠢᠭ ᠢ ᠭᠦᠨᠵᠡᠭᠡᠢ ᠳᠡᠯᠭᠡᠨ ᠦᠵᠡᠭᠦᠯᠵᠦ᠂ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ | ᠪᠣᠯᠤᠨ ᠵᠢᠭᠤᠯᠴᠢᠯᠠᠭᠰᠠᠳ ᠲᠤ ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠢᠯᠠᠰ ᠴᠡᠭ | ᠣᠨᠴᠠᠯᠢᠭ ᠢ ᠨᠡᠩ ᠣᠶᠢᠯᠠᠭᠠᠭᠤᠯᠵᠤ᠂ ᠤᠯᠠᠭᠠᠨᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠦᠷᠦᠯ | ᠲᠡᠮᠳᠡᠭ ᠢ ᠠᠯᠳᠠᠷᠰᠢᠭᠤᠯᠵᠤ᠂ ᠮᠠᠰᠢ ᠤᠯᠠᠨ ᠤᠯᠤᠰ ᠤᠨ ᠳᠣᠲᠣᠭᠠᠳᠤ ᠭᠠᠳᠠᠭᠠᠳᠤ ᠶᠢᠨ ᠴᠤᠭᠯᠠᠭᠠᠨ ᠳᠤ | ᠤᠷᠤᠯᠴᠠᠭᠰᠠᠳ ᠪᠠ ᠪᠡᠯᠡ ᠣᠷᠣᠭᠤᠯᠤᠭᠴᠢᠳ ᠤᠨ ᠠᠩᠬᠠᠷᠤᠯ ᠢ ᠲᠠᠲᠠᠪᠠ᠃ | | | | | | | ᠲᠣᠰ ᠤᠳᠠᠭᠠᠨ ᠤ ᠲᠠᠨᠢᠯᠴᠠᠭᠤᠯᠭ᠎ᠠ ᠶᠢᠨ ᠠᠵᠢᠯᠯᠠᠭ᠎ᠠ ᠨᠢ ᠤᠯᠠᠭᠠᠨᠬᠤᠲᠠ ᠶᠢᠨ ᠨᠠᠷ᠎ᠡ ᠠᠯᠳᠠᠷᠰᠢᠯ ᠢ | ᠮᠠᠨᠳᠤᠭᠤᠯᠬᠤ ᠶᠢᠨ ᠬᠠᠮᠲᠤ ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ ᠤ ᠡᠨᠡ ᠬᠦ ᠣᠯᠠᠨ ᠤᠯᠤᠰ ᠤᠨ | ᠲᠠᠪᠴᠠᠩ ᠢ ᠠᠰᠢᠭᠯᠠᠨ᠂ ᠤᠯᠠᠭᠠᠨᠬᠤᠲᠠ ᠲᠣᠰ ᠪᠡᠶ᠎ᠡ ᠶᠢᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠢᠶᠠᠨ | ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠤ ᠠᠮᠵᠢᠯᠲᠠ ᠲᠠᠢ ᠪᠠᠷ ᠭᠠᠷᠭᠠᠵᠤ᠂ ᠤᠯᠠᠭᠠᠨᠬᠤᠲᠠ ᠶᠢᠨ | ᠵᠢᠭᠤᠯᠴᠢᠯᠠᠯ ᠤᠨ ᠨᠠᠷᠠᠲᠤ ᠲᠡᠮᠳᠡᠭ ᠢ ᠨᠠᠩ ᠥᠷᠭᠡᠨ ᠲᠠᠪᠴᠠᠩ ᠳᠡᠭᠡᠷ᠎ᠡ ᠥᠪᠡᠷᠮᠢᠴᠡ ᠷᠢᠳᠢ ᠰᠢᠳᠢ ᠶᠢ ᠨᠢ | ᠢᠯᠡᠷᠡᠭᠦᠯᠵᠦ᠂ ᠬᠤᠷᠠᠯ ᠳᠤ ᠣᠷᠣᠯᠴᠠᠭᠰᠠᠨ ᠨᠢᠭᠡᠪᠦᠷᠢ ᠳᠤ ᠴᠥᠮ ᠲᠣᠰ ᠬᠤᠲᠠ ᠶᠢᠨ ᠤᠷᠬᠢᠯᠤᠮ᠎ᠠ ᠬᠠᠯᠠᠭᠤᠨ | ᠰᠡᠳᠬᠢᠯᠭᠡ ᠪᠠ ᠠᠮᠢᠵᠢᠷᠠᠯ ᠤᠨ ᠬᠦᠴᠦᠨ ᠢ ᠮᠡᠳᠡᠷᠡᠭᠦᠯᠪᠡ᠃ |