ᠮᠠ ᠮᠧᠩ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠠᠷ ᠭᠦᠨᠵᠡᠭᠡᠶᠢᠷᠡᠨ ᠪᠠᠶᠢᠴᠠᠭᠠᠨ ᠵᠢᠯᠣᠭᠤᠳᠤᠭᠰᠠᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/12/9
     12 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ᠂ ᠤᠯᠠᠭᠠᠨᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠬᠤᠩ ᠪᠥᠸᠧ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠤᠯᠠᠭᠠᠨᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠪᠠᠶ ᠢᠦᠶ ᠮᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠦ᠂ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠣᠷᠣᠯᠴᠠᠵᠠᠶ᠃
马猛深入乌兰浩特市司法局调研指导工作.png
      ᠶᠠᠷᠢᠯᠴᠠᠬᠤ ᠬᠤᠷᠠᠯ ᠳᠡᠭᠡᠷ᠎ᠡ᠂ ᠮᠠ ᠮᠧᠩ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠮᠠ ᠮᠧᠩ ᠠᠴᠠ᠂ ᠨᠢᠭᠡ ᠳᠤ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠲᠠᠨᠢᠯᠳᠠ ᠪᠠᠨ ᠰᠢᠨᠡᠳᠬᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠪᠥᠬᠦ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃  ᠬᠤᠶᠠᠷ ᠲᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠠᠵᠢᠯ ᠤᠨ ᠳᠤᠮᠳᠠᠬᠢ ᠥᠪᠡᠷᠮᠢᠴᠡ ᠬᠢᠯᠠᠰ ᠴᠡᠭ ᠢ ᠦᠷᠭᠦᠯᠵᠢᠯᠡᠨ ᠡᠭᠦᠳᠬᠦ ᠬᠡᠷᠡᠭᠲᠡᠶ᠃ ᠭᠤᠷᠪᠠ ᠳᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠵᠠᠰᠠᠬᠤ ᠶᠡᠭᠡ ᠪᠠᠶᠢᠷᠢᠰᠢᠯ ᠢ ᠪᠠᠶᠢᠭᠤᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠲᠤᠰᠬᠠᠶᠢᠵᠢᠯᠳᠡ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠵᠢᠷᠤᠮᠵᠢᠭᠰᠠᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃  
 
ᠢᠷᠡᠯᠲᠡ᠄ ᠤᠯᠠᠭᠠᠨᠬᠤᠲᠠ ᠶᠢᠨ ᠪᠢᠴᠢᠯ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号