ᠦᠪᠤᠷ ᠮᠤᠩᠭᠤᠯ ᠤᠨ ᠵᠡᠭᠦᠨ ᠤᠷᠤᠨ ᠢᠶᠠᠷ ᠬᠤᠪᠢᠰᠬᠠᠯ ᠤᠨ ᠠᠵᠢᠯ ᠬᠢᠭᠰᠡᠨ ᠲᠤᠷᠠᠰᠤᠮᠵᠢ
ᠨᠡᠶᠢᠲᠡᠯᠡᠭᠰᠡᠨ ᠴᠠᠭ᠄
2024/2/1
                            ᠹᠠᠩ ᡁᠢ ᠳ᠋ᠠ              ᠬᠤᠶᠠᠷ     ᠪᠢ ᠪᠠᠶᠢᠴᠧᠩᠽᠢ ᠳᠠᠬᠢ ᠪᠠᠷᠠᠭᠤᠨ ᠮᠠᠨᠵᠤ ᠶᠢᠨ ᠬᠤᠪᠢᠶᠠᠷᠢ ᠲᠤᠪᠴᠢᠶᠠᠨ ᠳᠤ ᠪᠠᠨ ᠪᠤᠴᠠᠭᠰᠠᠨ ᠤ ᠲᠠᠷᠠᠭ᠎ᠠ᠂  ᠯᠢ ᠹᠦ᠋ ᠴᠦᠨ ᠨᠦᠬᠦᠷ ᠨᠠᠳᠠ ᠶᠢ ᠸᠠᠩ ᠤᠨ ᠰᠦᠮ᠎ᠠ ᠳᠤ ᠤᠴᠢᠬᠤ ᠵᠢᠭᠠᠪᠤᠷᠢ ᠦᠭᠴᠠᠢ᠃  ᠮᠤᠷᠳᠠᠬᠤ ᠠᠴᠠ ᠡᠮᠤᠨ᠎ᠡ ᠲᠡᠷᠡ ᠨᠠᠳᠠ ᠳᠤ ᠴᠠᠭ ᠤᠨ ᠪᠠᠶᠢᠳᠠᠯ ᠤᠨ ᠲᠤᠬᠠᠢ ᠵᠠᠳᠠᠯᠤᠯᠳᠠ ᠬᠢᠵᠤ᠂ ᠮᠠᠨ ᠤ ᠨᠠᠮ ᠤᠨ ᠲᠦᠪ ᠬᠤᠷᠢᠶᠡᠨ ᠤ ᠦᠨᠳᠤᠰᠤᠨ ᠴᠢᠭᠯᠡᠯᠳᠡ ᠶᠢ ᠤᠯᠠᠮᠵᠢᠯᠠᠪᠠ᠃ ᠲᠡᠭᠦᠨ ᠤ ᠬᠡᠯᠡᠭᠰᠡᠨ ᠨᠢ᠂ ᠭᠤᠮᠢᠨᠳᠠᠩ ᠤᠨ ᠲᠡᠷᠰᠯᠡᠬᠦᠴᠤᠳ ᠠᠮᠧᠷᠢᠺᠠ ᠶᠢᠨ ᠡᠵᠡᠷᠭᠡᠭ ᠲᠦᠷᠢᠮᠡᠭᠡᠶᠢᠳᠡᠨ ᠤ ᠲᠡᠮᠵᠢᠯᠭᠡ ᠲᠤᠤᠷ᠎ᠠ ᠨᠢᠭᠡᠨᠳᠡ ᠵᠡᠭᠦᠨ ᠬᠤᠶᠢᠳᠤ ᠤᠷᠤᠨ ᠵᠦᠭ ᠶᠡᠭᠡ ᠲᠠᠭᠠᠷᠢᠯᠳᠠ ᠬᠢᠵᠤ ᠪᠠᠶᠢᠨ᠎ᠠ᠂ ᠪᠢᠳᠡ ᠡᠷᠬᠡᠪᠰᠢ ᠨᠠᠶᠢᠳᠠᠪᠤᠷᠢᠳᠠᠢ ᠰᠠᠭᠤᠷᠢᠨ ᠭᠠᠵᠠᠷ ᠪᠠᠶᠢᠭᠤᠯᠬᠤ ᠶᠢᠨ ᠬᠠᠮᠳᠤ ᠲᠠᠶᠢᠨ ᠤ ᠪᠡᠯᠡᠳᠭᠡᠯ ︵ᠯᠢᠤ ᠱᠤᠤ ᠴᠢ ᠶᠢᠨ ᠰᠤᠩᠭᠤᠮᠠᠯ ᠵᠤᠬᠢᠶᠠᠯ ᠤᠨ 373  — 376 ᠳ᠋ᠤᠭᠠᠷ ᠨᠢᠭᠤᠷ ᠲᠤ ᠦᠵᠡᠭᠡᠷᠡᠢ︶ ᠬᠢᠬᠦ ᠬᠡᠷᠡᠭᠳᠡᠢ᠃ ᠲᠦᠪ ᠬᠤᠷᠢᠶᠡᠨ ᠤ ᠴᠢᠭᠯᠡᠯᠳᠡ ᠪᠤᠯ ︽ᠶᠡᠭᠡ ᠵᠠᠮ ᠢ ᠲᠠᠯᠪᠢᠨ ᠦᠭᠴᠤ᠂ ᠬᠤᠶᠠᠷ ᠲᠠᠯ᠎ᠠ ᠶᠢ ᠡᠵᠡᠯᠡᠬᠦ  ︾ ︵ᠮᠠᠤ ᠽᠧ ᠳ᠋ᠦᠩ ᠤᠨ ᠰᠤᠩᠭᠤᠮᠠᠯ ᠵᠤᠬᠢᠶᠠᠯ ᠤᠨ 1123  ᠤᠨ ᠠᠴᠠ 1127 ᠳ᠋ᠤᠭᠠᠷ ᠨᠢᠭᠤᠷ ᠢ ᠦᠵᠡ︶ ᠪᠤᠯᠤᠨ᠎ᠠ᠃ ᠪᠠᠷᠠᠭᠤᠨ ᠮᠠᠨᠵᠤ ᠠᠷᠤ ᠳᠠᠭᠠᠨ ᠦᠪᠤᠷ ᠮᠤᠩᠭᠤᠯ ᠤᠨ ᠵᠡᠭᠦᠨ ᠬᠡᠰᠡᠭ ᠢ ᠲᠦᠰᠢᠵᠤ ︵ᠲᠤᠤᠷ᠎ᠠ ᠲᠦᠬᠦᠮ ᠢᠶᠠᠷ ᠵᠡᠬᠦᠨ ᠮᠤᠩᠭᠤᠯ ᠭᠡᠵᠤ ᠬᠡᠯᠡᠶ᠎ᠡ︶ ᠪᠤᠢ᠂ ᠵᠡᠭᠦᠨ ᠮᠤᠩᠭᠤᠯ ᠪᠤᠯ ᠪᠢᠳᠡᠨ ᠤ ᠶᠡᠭᠡ ᠠᠷᠤ ᠲᠠᠯ᠎ᠠ ᠪᠤᠯᠬᠤ ᠲᠤᠯᠠ ᠬᠦᠨᠳᠤ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠠᠢ᠃ ᠭᠡᠪᠡᠴᠤ ᠡ᠊ᠨᠳᠡ ᠠᠬ᠎ᠠ ᠲᠡᠬᠦᠤ ᠦᠨᠳᠤᠰᠤᠳᠡᠨ ᠤ ᠭᠠᠵᠠᠷ ᠤᠷᠤᠨ ᠮᠦᠨ᠂  ᠬᠢᠳᠠᠳ ᠭᠠᠵᠠᠷ ᠬᠡᠷᠡᠭᠯᠡᠬᠦ ᠠᠷᠭ᠎ᠠ ᠶᠢ ᠬᠡᠷᠡᠭᠯᠡᠵᠤ ᠪᠤᠯᠬᠤ ᠦᠭᠡᠢ᠃ ᠡᠶᠢᠮᠤ ᠠᠴᠠ ᠮᠤᠩᠭᠤᠯ ᠦᠨᠳᠤᠰᠤᠳᠡᠨ ᠤ ᠲᠡᠭᠡᠳᠤ ᠲᠠᠪᠬᠤᠷᠭᠠᠳᠠᠨ ᠤ ᠨᠢᠭᠡᠳᠤᠮᠠᠯ ᠹᠷᠤᠨᠲ ᠤᠨ ᠠᠵᠢᠯ ᠢ ᠰᠠᠶᠢᠨ ᠬᠢᠵᠤ᠂ ᠪᠢᠳᠡ ᠤᠷᠤᠪᠠᠰᠤ ᠵᠤᠭᠰᠤᠬᠤ ᠭᠠᠵᠠᠷ ᠲᠠᠢ ᠪᠤᠯᠬᠤ ᠬᠡᠷᠡᠭᠳᠡᠢ᠃ ᠮᠤᠩᠭᠤᠯ ᠦᠨᠳᠤᠰᠤᠳᠡᠨ ᠤ ᠬᠤᠪᠢᠰᠬᠠᠯᠳᠤ ᠵᠠᠯᠠᠭᠤᠴᠤᠳ ᠢ ᠬᠦᠮᠤᠵᠢᠬᠦᠯᠤᠨ᠂ ᠨᠠᠮ ᠤᠨ ᠭᠡᠰᠢᠬᠦᠨ ᠡᠯᠰᠡᠵᠤ᠂ ᠲᠡᠳᠡᠨᠡᠷ ᠢᠶᠠᠷ ᠲᠠᠮᠵᠢᠵᠤ ᠤᠯᠠᠨ ᠲᠦᠮᠡᠨ ᠢ ᠲᠠᠶᠢᠴᠢᠯᠠᠵᠤ᠂ ᠵᠡᠭᠦᠨ ᠮᠤᠩᠭᠤᠯ ᠤᠨ ᠵᠠᠰᠠᠭ ᠤᠨ ᠡᠷᠬᠡ ᠪᠠ ᠴᠡᠷᠢᠭ ᠠᠩᠭᠢ ᠶᠢ ᠦᠭᠡᠷᠡᠴᠢᠯᠡᠬᠦ ᠵᠡᠷᠭᠡ ᠳᠤ ᠠᠰᠢᠭ ᠲᠠᠢ ᠨᠦᠬᠦᠴᠡᠯ ᠪᠦᠷᠢᠯᠳᠤᠬᠦᠯᠵᠤ ᠦᠭᠬᠦ ᠬᠡᠷᠡᠭᠳᠡᠢ᠃ ᠤᠳᠤᠬᠠᠨ ᠳᠤ ᠵᠡᠭᠦᠨ ᠮᠤᠩᠭᠤᠯ ᠤᠨ ᠲᠤᠳᠤᠭᠠᠳᠤ  ᠳᠤ ᠬᠤᠪᠢᠰᠬᠠᠯ ᠤᠨ ᠬᠦᠴᠤᠨ ᠤᠷᠤᠰᠢᠵᠤ ᠪᠠᠶᠢᠨ᠎ᠠ᠂ ᠭᠡᠪᠡᠴᠤ ᠲᠡᠳᠡᠨᠤᠰ ᠲᠤᠷᠰᠢᠯᠭ᠎ᠠ ᠮᠦᠴᠢᠳ᠂ ᠦᠵᠡᠯ ᠰᠠᠨᠠᠭ᠎ᠠ ᠴᠤ ᠨᠢᠭᠡᠳᠤᠯᠳᠠᠢ ᠪᠢᠰᠢ᠂ ᠪᠢᠳᠡ ᠲᠡᠳᠡᠨ ᠢ ᠲᠦᠰᠢᠭᠯᠡᠵᠤ᠂  ᠲᠡᠳᠡᠨ ᠲᠠᠢ ᠪᠦᠯᠬᠦᠮᠳᠡᠵᠤ᠂ ᠲᠡᠳᠡᠨ ᠢ ᠬᠠᠪᠰᠤᠷᠬᠤ ᠬᠡᠷᠡᠭᠳᠡᠢ᠃ ᠵᠠᠯᠭᠠᠭᠠᠳ ᠯᠢ ᠹᠦ᠋ ᠴᠦᠨ ᠨᠦᠬᠦᠷ ᠨᠠᠳᠠ ᠳᠤ ᠴᠧᠩ ᠳ᠋ᠧ ᠶᠢᠨ ︽4· 3︾ ᠬᠤᠷᠠᠯ ᠤᠨ ᠲᠦᠬᠦᠮ ᠪᠠᠶᠢᠳᠠᠯ ᠢ ᠲᠠᠨᠢᠯᠴᠠᠭᠤᠯᠪᠠ᠃ ᠮᠢᠨᠤ ᠤᠴᠢᠬᠤ ᠡᠭᠦᠷᠭᠡ ᠪᠤᠯ ᠮᠠᠨ ᠤ ᠨᠠᠮ ᠤᠨ ᠵᠡᠭᠦᠨ ᠮᠤᠩᠭᠤᠯ ᠤᠨ ᠠᠵᠢᠯᠯᠠᠬᠤ ᠺᠤᠮᠢᠰ ᠲᠠᠢ ᠬᠠᠮᠵᠢᠵᠤ᠂ ᠵᠡᠭᠦᠨ ᠮᠤᠩᠭᠤᠯ ᠤᠨ ᠲᠡᠭᠡᠳᠤ ᠲᠠᠪᠬᠤᠷᠭ᠎ᠠ ᠶᠢᠨ ᠡᠯ᠎ᠡ ᠵᠤᠶᠢᠯ ᠤᠨ ᠤᠯᠤᠰ ᠲᠦᠷᠤ ᠶᠢᠨ ᠬᠦᠴᠤᠨ ᠤ ᠪᠠᠶᠢᠳᠠᠯ ᠵᠢᠴᠢ ᠵᠡᠭᠦᠨ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠢ ᠬᠢᠩᠭᠠᠨ ᠮᠤᠵᠢ ᠶᠢᠨ ᠵᠠᠰᠠᠭ ᠤᠨ ᠤᠷᠳᠤᠨ ᠪᠤᠯᠭᠠᠨ ᠦᠭᠡᠷᠡᠴᠢᠯᠡᠨ ᠪᠠᠶᠢᠭᠤᠯᠬᠤ ᠪᠤᠯᠤᠯᠴᠠᠭ᠎ᠠ ᠶᠢ ᠭᠦᠨᠵᠡᠬᠡᠶᠢᠷᠡᠨ ᠤᠶᠢᠯᠠᠭᠠᠵᠤ᠂ ᠡᠨᠡ ᠭᠠᠵᠠᠷ ᠤᠨ ᠬᠤᠪᠢᠰᠬᠠᠯ ᠤᠨ ᠵᠠᠰᠠᠭ ᠤᠨ ᠡᠷᠬᠡ ᠶᠢ ᠮᠠᠨ ᠤ ᠨᠠᠮ ᠤᠨ ᠰᠢᠭᠤᠳ ᠤᠳᠤᠷᠢᠳᠤᠯᠭ᠎ᠠ ᠲᠤᠤᠷ᠎ᠠ ᠡᠵᠡᠮᠰᠢᠬᠦᠯᠬᠦ ᠵᠢᠭᠠᠪᠤᠷᠢ ᠦᠭᠴᠠᠢ᠃     ᠪᠠᠷᠤᠭ ᠲᠦᠷᠪᠡᠨ ᠰᠠᠷ᠎ᠠ ᠶᠢᠨ ᠲᠤᠮᠳᠠ ᠪᠤᠶᠤ ᠰᠡᠬᠦᠯᠴᠢ ᠪᠠᠷ ︵1946 ᠤᠨ︶ ᠪᠢ ᠸᠠᠩ ᠤᠨ ᠰᠦᠮ᠎ᠡ ᠳᠤ ᠬᠦᠷᠴᠠᠢ᠃ ᠡᠨᠡ ᠦᠶ᠎ᠡ ᠳᠤ ᠨᠢᠭᠡᠨᠳᠡ ᠵᠠᠩ ᠼᠧ᠂ ᠬᠤ᠋ ᠵᠤᠤ ᠡᠾᠧᠩ᠂ ᠬᠤ᠋ ᠪᠢᠩ ᠴᠢᠤᠸᠠᠨ ᠨᠦᠬᠦᠷ ᠵᠡᠷᠭᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠵᠡᠭᠦᠨ ᠮᠤᠩᠭᠤᠯ ᠤᠨ ᠠᠵᠢᠯᠯᠠᠬᠤ ᠺᠤᠮᠢᠰ ᠤᠨ ᠭᠡᠰᠢᠬᠦᠨ ᠪᠤᠯᠤᠨ ᠯᠢᠤ ᠰᠢᠤᠸᠠᠨ᠂ ᠪᠢ ᠱᠤ᠋ ᠬᠦᠸᠧ᠂ ᠬᠤᠸᠠᠩ ᠸᠧᠨ ᠹᠸᠢ᠂ ᠬᠦ᠋ ᠰᠢᠶᠠᠨ ᠿᠦᠢ᠂ ᠬᠤ᠋ ᠳ᠋ᠢᠶᠠᠨ ᠱᠢ ᠵᠡᠷᠭᠡ ᠨᠦᠬᠦᠷ ᠡᠯ᠎ᠡ ᠲᠠᠯ᠎ᠠ ᠶᠢᠨ ᠠᠵᠢᠯ ᠢ ᠬᠢᠵᠤ ᠪᠠᠶᠢᠪᠠ᠃ ᠵᠡᠭᠦᠨ ᠮᠤᠩᠭᠤᠯ ᠤᠨ ᠠᠵᠢᠯᠯᠠᠬᠤ ᠺᠤᠮᠢᠰ ᠤᠨ ᠱᠦᠵᠢ ᠨᠢ ᠵᠠᠩ ᠼᠧ᠂ ᠠᠵᠢᠯᠯᠬᠠᠤ ᠺᠤᠮᠢᠰ ᠨᠢ ᠭᠠᠳᠠᠭᠠᠳᠤ ᠳᠠᠭᠠᠨ ᠪᠠᠷᠠᠭᠤᠨ ᠮᠠᠨᠵᠤ ᠶᠢᠨ ᠴᠡᠷᠢᠭ ᠤᠨ ᠲᠤᠭᠤᠷᠢᠭ ᠤᠨ ᠬᠡᠷᠡᠭ ᠡᠷᠬᠢᠯᠡᠬᠦ ᠭᠠᠵᠠᠷ ᠭᠡᠵᠤ ᠪᠠᠶᠢᠪᠠ᠃ ᠲᠤᠬᠠᠢ  ᠶᠢᠨ ᠦᠶ᠎ᠡ ᠶᠢᠨ ᠤᠯᠤᠰ ᠲᠦᠷᠤ ᠶᠢᠨ ᠪᠠᠶᠢᠳᠠᠯ ᠠᠴᠠ ᠪᠤᠯᠵᠤ᠂ ᠡᠯᠰᠡᠭᠰᠡᠨ ᠮᠤᠩᠭᠤᠯ ᠨᠠᠮ ᠤᠨ ᠭᠡᠰᠢᠬᠦᠨ ᠨᠢ ᠴᠦᠮ ᠨᠢᠭᠤᠴᠠ ᠪᠠᠶᠢᠳᠠᠯ ᠳᠤ ᠪᠠᠶᠢᠵᠠᠢ᠃     ᠪᠢ ᠵᠡᠭᠦᠨ ᠮᠤᠩᠭᠤᠯ ᠤᠨ ᠠᠵᠢᠯᠯᠠᠬᠤ ᠺᠤᠮᠢᠰ ᠤᠨ ᠬᠠᠪᠰᠤᠷᠤᠯᠭ᠎ᠠ ᠲᠤᠤᠷ᠎ᠠ᠂ ᠭᠤᠤᠯᠳᠠᠭᠤ ᠪᠤᠶᠠᠨᠮᠠᠳᠤᠬᠤ᠂ ᠮᠠᠨᠢᠪᠠᠳᠠᠷᠠ ᠵᠢᠴᠢ ᠪᠤᠰᠤᠳ ᠲᠡᠭᠡᠳᠤ ᠲᠠᠪᠬᠤᠷᠭ᠎ᠠ ᠶᠢᠨ ᠬᠦᠮᠤᠰ ᠲᠠᠢ ᠶᠠᠪᠤᠯᠴᠠᠪᠠ᠃ ᠡᠨᠡ ᠦᠶᠡᠰ ᠮᠠᠨᠢᠪᠠᠳᠠᠷᠠ ᠰᠠᠶ᠋ᠢᠬᠠᠨ ᠪᠡᠭᠡᠵᠢᠩ ᠤᠨ ᠭᠤᠮᠢᠨᠳᠠᠩ ᠤᠨ ᠲᠡᠨᠳᠡ ᠠᠴᠠ ᠭᠤᠶᠤᠳᠠᠯ ᠭᠠᠷᠭᠠᠭᠠᠳ ᠪᠤᠴᠠᠵᠤ ᠢᠷᠡᠭᠡᠳ ᠪᠠᠶᠢᠵᠠᠢ᠂ ᠡᠨᠡ ᠬᠦᠮᠤᠨ ᠬᠤᠶᠢᠬᠤᠷ ᠬᠤᠯᠵᠢᠨ᠂ ᠬᠤᠶᠠᠷ ᠨᠢᠭᠤᠷᠳᠠᠨ ᠪᠢᠯᠡ᠂  ᠦᠷᠬᠦᠯᠵᠢ ︽ᠬᠠᠳᠠᠮ ᠡᠵᠢ ᠠᠪᠤ ᠶᠢᠨ ᠲᠤᠮᠳᠠ ᠪᠡᠷᠢ ᠬᠦᠴᠢᠷ ᠲᠠᠢ︾ ︵ᠰᠠᠨᠠᠭ᠎ᠠ ᠨᠢ ︽ᠵᠡᠭᠦᠨ ᠮᠤᠩᠭᠤᠯ ᠶᠠᠭ ᠭᠤᠮᠢᠨᠳᠠᠩ ᠪᠤᠯᠤᠨ ᠡᠪ ᠬᠠᠮᠳᠤ ᠨᠠᠮ ᠤᠨ ᠬᠤᠭᠤᠷᠤᠨᠳᠤ ᠪᠤᠢ᠂ ᠬᠦᠴᠢᠷ ᠲᠠᠢ ᠭᠡᠰᠡᠨ ᠢ ᠵᠢᠭᠠᠵᠤ ᠪᠠᠶᠢᠨ᠎ᠠ︾︶ ᠭᠡᠰᠡᠨ ᠢᠶᠠᠷ ᠠᠮᠠ ᠶᠢᠨ ᠤᠩᠰᠢᠯᠭ᠎ᠠ ᠪᠤᠯᠭᠠᠵᠤ᠂ ᠢᠯᠡ ᠪᠤᠶᠤ ᠲᠠᠯᠳᠠ ᠪᠠᠷ ᠮᠠᠨ ᠤ ᠡᠯ᠎ᠡ ᠲᠠᠯ᠎ᠠ ᠶᠢᠨ ᠬᠤᠪᠢᠰᠬᠠᠯ ᠤᠨ ᠠᠵᠢᠯ ᠢ ᠬᠠᠷᠰᠢᠯᠠᠨ ᠡᠪᠳᠡᠵᠤ ᠪᠠᠶᠢᠪᠠ᠃       ᠬᠠᠭᠠᠰ ᠰᠠᠷ᠎ᠠ ᠭᠠᠷᠤᠢ ᠶᠢᠨ ᠤᠶᠢᠯᠠᠭᠠᠭᠰᠠᠨ ᠢᠶᠠᠷ ᠲᠠᠮᠵᠢᠵᠤ᠂ ᠪᠢ ᠡᠯ᠎ᠡ ᠵᠤᠶᠢᠯ ᠤᠨ ᠤᠯᠤᠰ ᠲᠦᠷᠤ ᠶᠢᠨ ᠪᠠᠶᠢᠳᠠᠯ  ᠤᠨ ᠮᠠᠲ᠋ᠧᠷᠢᠶᠠᠯ ᠪᠠ ᠵᠡᠭᠦᠨ ᠮᠤᠩᠭᠤᠯ ᠤᠨ ᠠᠵᠢᠯᠯᠠᠬᠤ ᠺᠤᠮᠢᠰ ᠤᠨ ᠰᠠᠨᠠᠯ ᠢ ᠠᠪᠴᠤ ᠬᠤᠪᠢᠶᠠᠷᠢ ᠲᠤᠪᠴᠢᠶᠠᠨ ᠳᠠᠭᠠᠨ ᠪᠤᠴᠠᠵᠤ ᠬᠠᠷᠢᠭᠤ ᠮᠡᠳᠡᠬᠦᠯᠦᠯᠳᠡ ᠬᠢᠪᠡ᠂ ᠲᠤᠬᠠᠢ ᠶᠢᠨ ᠦᠶ᠎ᠡ ᠳᠤ ᠮᠢᠨᠤ ᠤᠶᠢᠯᠠᠭᠠᠭᠰᠠᠨ ᠪᠠᠶᠢᠳᠠᠯ ᠭᠡᠪᠡᠯ᠄     ᠨᠢᠭᠡ᠂ ᠵᠡᠭᠦᠨ ᠮᠤᠩᠭᠤᠯ ᠤᠨ ᠦᠪᠡᠷᠳᠡᠭᠡᠨ ᠵᠠᠰᠠᠬᠤ ᠴᠡᠷᠢᠭ ᠪᠤᠯᠤᠨ ᠵᠡᠭᠦᠨ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠤ ᠲᠤᠬᠠᠢ᠃ 1945 ᠤᠨ ᠤ 8 ᠰᠠᠷ᠎ᠠ ᠶᠢᠨ 8 ᠤ ᠡᠳᠤᠷ᠂ ᠵᠦᠪᠯᠡᠯᠳᠤ ᠤᠯᠤᠰ ᠶᠠᠫᠤᠨ ᠲᠠᠢ ᠲᠠᠶᠢᠨ ᠵᠠᠷᠯᠠᠵᠤ᠂  ᠵᠦᠪᠯᠡᠯᠳᠤ ᠮᠤᠩᠭᠤᠯ ᠤᠨ ᠬᠤᠯᠪᠤᠭᠠᠳᠤ ᠴᠡᠷᠢᠭ ᠦᠪᠤᠷ ᠮᠤᠩᠭᠤᠯ ᠤᠨ ᠭᠠᠵᠠᠷ ᠲᠤ ᠤᠷᠤᠵᠤ ᠢᠷᠡᠭᠰᠡᠨ ᠤ ᠰᠡᠬᠦᠯᠡᠷ᠂ ᠶᠠᠫᠤᠨ ᠴᠡᠷᠢᠭ ᠪᠤᠳᠠ ᠨᠢᠷᠭᠡᠭᠳᠡᠵᠤ᠂ ᠬᠠᠭᠤᠷᠮᠠᠭ ᠵᠠᠰᠠᠭ ᠲᠠᠷᠬᠠᠵᠤ᠂ ᠮᠠᠨ ᠤ ᠨᠠᠮ ᠮᠠᠨ ᠤ ᠴᠡᠷᠢᠭ  ᠤᠨ ᠭᠤᠤᠯ ᠬᠦᠴᠤᠨ ᠬᠦᠷᠴᠤ ᠢᠷᠡᠭᠡᠳᠤᠢ ᠦᠶᠡᠰ᠂ ᠵᠡᠭᠦᠨ ᠮᠤᠩᠭᠤᠯ ᠤᠨ ᠬᠤᠪᠢᠰᠬᠠᠯᠳᠤ ᠵᠠᠯᠠᠭᠤᠴᠤᠳ ︵ᠵᠠᠯᠠᠭᠤ ᠴᠡᠷᠢᠭ ᠤᠨ ᠲᠠᠷᠤᠭ᠎ᠠ ᠪᠠᠭᠳᠠᠨ᠎ᠠ︶ ᠪᠤᠰᠤᠯᠭ᠎ᠠ ᠭᠠᠷᠭᠠᠵᠤ᠂ ᠶᠠᠫᠤᠨ ᠡᠵᠡᠷᠬᠡᠭ ᠲᠦᠷᠢᠮᠡᠭᠡᠶᠢᠳᠡᠨ ᠢ ᠤᠰᠠᠳᠬᠠᠭᠠᠳ᠂ ᠡᠯ᠎ᠡ ᠵᠤᠶᠢᠯ ᠤᠨ ᠦᠨᠳᠤᠰᠤᠳᠡᠨ ᠤ ᠦᠪᠡᠷᠳᠡᠭᠡᠨ ᠵᠠᠰᠠᠬᠤ ᠵᠡᠪᠰᠡᠭᠳᠤ ᠬᠦᠴᠤᠨ ᠪᠠ ᠬᠤᠪᠢᠰᠬᠠᠯ ᠤᠨ ᠵᠤᠬᠢᠶᠠᠨ ᠪᠠᠶᠢᠭᠤᠯᠤᠯᠳᠠ ᠪᠠᠶᠢᠭᠤᠯᠵᠤ᠂ ᠤᠷᠪᠠᠯᠭ᠎ᠠ ᠶᠢ ᠲᠠᠷᠤᠵᠤ ᠲᠡᠭᠡᠷᠡᠮ ᠢ ᠤᠰᠠᠳᠬᠠᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠵᠡᠷᠭᠡ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠭᠰᠠᠨ ᠬᠦᠳᠡᠯᠭᠡᠭᠡᠨ ᠶᠠᠪᠤᠭᠤᠯᠵᠠᠢ᠃ ᠲᠦᠴᠢᠤᠸᠠᠨ ᠰᠢᠶᠠᠨ ᠳᠤ ᠬᠦᠷᠴᠤ ᠭᠤᠮᠢᠨᠳᠠᠩ ᠳᠤ ᠬᠤᠷᠢᠭᠳᠠᠵᠤ ᠪᠠᠶᠢᠭᠰᠠᠨ ᠬᠤ᠋ ᠫᠢᠩ ᠴᠢᠤᠸᠠᠨ ᠨᠦᠬᠦᠷ ᠢ ᠠᠪᠤᠷᠠᠵᠤ᠂  ᠪᠠᠶᠢᠴᠧᠩᠽᠢ ᠳᠤ ᠬᠦᠷᠴᠤ ᠰᠢᠶᠠ ᠱᠠᠩ ᡁᠢ᠂ ᠵᠤ᠋ ᠵᠢᠢ ᠰᠢᠶᠠᠨ ᠤ ᠬᠤᠰᠢᠭᠤᠴᠢ ᠠᠩᠭᠢ ᠶᠢ ᠲᠠᠮᠵᠢᠵᠤ ᠪᠠᠶᠢᠪᠠ᠃ ᠲᠤᠰ ᠵᠢᠯ ︵1946 ᠤᠨ︶ ᠤᠨ ᠨᠢᠭᠡᠳᠤᠭᠡᠷ ᠰᠠᠷ᠎ᠠ ᠳᠤ ᠵᠡᠭᠦᠨ ᠮᠤᠩᠭᠤᠯ ᠤᠨ ᠬᠤᠪᠢᠰᠬᠠᠯᠳᠤ ᠬᠦᠴᠤᠨ ᠲᠡᠭᠡᠳᠤ ᠲᠠᠪᠬᠤᠷᠭ᠎ᠠ ᠶᠢᠨ ᠬᠦᠮᠤᠰ ᠲᠠᠢ ᠬᠤᠯᠪᠤᠭᠠᠯᠠᠵᠤ ᠭᠡᠭᠡᠨ ᠰᠦᠮ᠎ᠡ ᠳᠤ ᠵᠡᠬᠦᠨ ᠮᠤᠩᠭᠤᠯ ᠤᠨ ᠠᠷᠠᠳ ᠤᠨ ᠲᠦᠯᠦᠭᠡᠯᠡᠭᠴᠢ ᠶᠢᠨ ᠶᠡᠭᠡ ᠬᠤᠷᠠᠯ ᠨᠡᠭᠡᠭᠡᠵᠤ᠂ ᠵᠡᠭᠦᠨ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠪᠠᠶᠢᠭᠤᠯᠪᠠ᠂ ᠡᠨᠡ ᠵᠠᠰᠠᠭ ᠨᠢ ᠬᠡᠳᠤᠶᠢᠪᠡᠷ ᠪᠤᠶᠠᠨᠮᠠᠨᠳᠤᠬᠤ ᠶᠢ ᠲᠡᠷᠢᠬᠦᠯᠡᠭᠴᠢ ᠪᠠᠷ ᠰᠤᠩᠭᠤᠭᠰᠠᠨ ᠪᠤᠯᠪᠠᠴᠤ ᠵᠢᠩᠬᠢᠨᠢ ᠡᠷᠬᠡ ᠨᠢ ᠦᠨᠳᠤᠰᠤᠨ ᠳᠡᠭᠡᠨ ᠬᠤᠪᠢᠰᠬᠠᠯᠳᠤ ᠬᠦᠴᠤᠨ ᠤ ᠭᠠᠷ ᠲᠤ ᠪᠠᠶᠢᠨ᠎ᠠ᠃ ᠵᠢᠱᠢᠶᠡᠯᠡᠪᠡᠯ᠄ ᠲᠦᠯᠦᠭᠡᠯᠡᠭᠴᠢᠳ ᠤᠨ ᠶᠡᠭᠡ ᠬᠤᠷᠠᠯ ᠡᠬᠢᠯᠡᠬᠦ ᠦᠶᠡᠰ᠂ ᠬᠤ᠋ ᠪᠢᠩ ᠴᠢᠤᠸᠠᠨ ᠨᠦᠬᠦᠷ ︵ᠰᠡᠬᠦᠯᠡᠷ ᠨᠢ ᠵᠤ᠋ ᠵᠢᠢ ᠰᠢᠶᠠᠨ᠂ ᠬᠤᠸᠠᠩ ᠸᠧᠨ ᠹᠸᠢ ᠨᠦᠬᠦᠷ ᠪᠠᠶᠢᠬᠤ ᠶᠢ ᠪᠠᠶᠢᠴᠠᠭᠠᠨ ᠲᠤᠳᠤᠯᠠᠪᠠ︶ ᠶᠠᠨ ᠠᠨ ᠤ ᠲᠦᠯᠦᠭᠡᠯᠡᠭᠴᠢ ᠶᠢᠨ ᠬᠤᠪᠢ ᠪᠠᠷ ᠤᠷᠢᠭᠳᠠᠨ ᠤᠷᠤᠯᠴᠠᠵᠤ ᠦᠭᠡ ᠬᠡᠯᠡᠵᠡᠢ︔ ᠲᠦᠷᠪᠡᠨ ᠰᠠᠷ᠎ᠠ ᠶᠢᠨ ᠲᠤᠮᠳᠠ ᠪᠤᠶᠤ ᠰᠡᠬᠦᠯᠴᠢ ᠪᠠᠷ ᠪᠢ ᠸᠠᠩ ᠤᠨ ᠰᠦᠮ᠎ᠡ ᠳᠤ ᠬᠦᠷᠬᠦ ᠦᠶᠡᠰ᠂ ᠵᠡᠭᠦᠨ ᠮᠤᠩᠭᠤᠯ ᠤᠨ ᠦᠪᠡᠷᠳᠡᠭᠡᠨ ᠵᠠᠰᠠᠬᠤ ᠴᠡᠷᠢᠭ  ᠤᠨ ᠲᠤᠮᠳᠠ ᠬᠤ᠋ ᠪᠢᠩ ᠴᠢᠤᠸᠠᠨ᠂ ᠬᠤᠸᠠᠩ ᠸᠧᠨ ᠹᠸᠢ᠂ ᠯᠢ ᠢ ᠹᠦ᠋ ᠵᠡᠷᠭᠡ ᠨᠦᠬᠦᠷ ᠨᠢᠭᠡᠨᠳᠡ ᠡᠯ᠎ᠡ ᠱᠠᠳᠤᠨ ᠤ ᠲᠤᠰᠢᠶᠠᠯ ᠢ ᠬᠠᠷᠢᠭᠤᠴᠠᠵᠤ ᠪᠠᠶᠢᠪᠠ᠂ ᠵᠡᠭᠦᠨ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠤ ᠲᠤᠳᠤᠷᠠᠬᠢ ᠲᠤᠳᠤᠭᠠᠳᠤ ᠶᠢ ᠬᠠᠮᠠᠭᠠᠯᠠᠬᠤ ᠬᠡᠯᠳᠡᠰ ᠨᠢ ᠴᠡᠷᠢᠭ ᠠᠩᠭᠢ ᠪᠠ ᠠᠮᠤᠷ ᠢ ᠬᠠᠮᠠᠭᠠᠯᠠᠬᠤ ᠠᠵᠢᠯ ᠢ ᠭᠤᠤᠯ ᠬᠠᠮᠢᠶᠠᠷᠤᠨ᠎ᠠ᠂ ᠬᠡᠯᠳᠡᠰ ᠤᠨ ᠲᠠᠷᠤᠭ᠎ᠠ ᠠᠰᠬᠠᠨ᠂ ᠵᠠᠩ ᠼᠧ ᠨᠦᠬᠦᠷ ᠲᠤᠳᠤᠭᠠᠳᠤ ᠶᠢ ᠬᠠᠮᠠᠭᠠᠯᠠᠬᠤ ᠬᠡᠯᠳᠡᠰ ᠤᠨ ᠤᠯᠤᠰ ᠲᠦᠷᠤ ᠶᠢᠨ ᠭᠡᠰᠢᠬᠦᠨ ᠤ ᠲᠤᠰᠢᠶᠠᠯ ᠢ ᠬᠠᠷᠢᠭᠤᠴᠠᠵᠤ ᠪᠠᠶᠢᠪᠠ᠃ ᠲᠡᠭᠡᠷᠡᠬᠢ ᠪᠤᠳᠠᠳᠤ ᠪᠠᠶᠢᠳᠠᠯ ᠢ ᠦᠨᠳᠤᠰᠤᠯᠡᠵᠤ᠂ ᠵᠡᠭᠦᠨ ᠮᠤᠩᠭᠤᠯ  ᠤᠨ ᠦᠪᠡᠷᠳᠡᠭᠡᠨ ᠵᠠᠰᠠᠬᠤ ᠴᠡᠷᠢᠭ ᠪᠤᠯᠤᠨ ᠵᠡᠭᠦᠨ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠤ ᠴᠢᠨᠠᠷ ᠨᠢ ᠨᠢᠭᠡᠨ ᠦᠨᠳᠤᠰᠤᠳᠡᠨ ᠤ ᠴᠢᠯᠦᠭᠡᠯᠡᠯᠳᠡ ᠶᠢ ᠵᠤᠷᠢᠭᠰᠠᠨ ᠬᠤᠪᠢᠰᠬᠠᠯ ᠤᠨ ᠴᠡᠷᠢᠭ ᠠᠩᠭᠢ ᠪᠠ ᠬᠤᠪᠢᠰᠬᠠᠯ ᠤᠨ ᠵᠠᠰᠠᠭ ᠤᠨ ᠤᠷᠳᠤᠨ ᠪᠤᠯᠤᠨ᠎ᠠ᠃ ᠶᠠᠷᠢᠶᠠᠨ ᠦᠭᠡᠢ ᠲᠤᠳᠤᠭᠠᠳᠤ ᠪᠠᠶᠢᠳᠠᠯ ᠨᠢ ᠨᠡᠯᠢᠶᠡᠳ ᠪᠤᠳᠤᠯᠢᠶᠠᠨᠳᠠᠢ᠂ ᠮᠠᠨ ᠤ ᠨᠠᠮ ᠠᠴᠠ ᠦᠭᠡᠷᠡᠴᠢᠯᠡᠨ ᠲᠡᠭᠡᠭᠰᠢᠯᠡᠬᠦᠯᠵᠤ ᠤᠳᠤᠷᠢᠳᠤᠯᠭ᠎ᠠ ᠪᠠᠨ ᠴᠢᠩᠭᠠᠳᠬᠠᠬᠤ ᠴᠢᠬᠤᠯᠠᠳᠠᠢ᠃      ᠬᠤᠶᠠᠷ᠂ ᠵᠡᠭᠦᠨ ᠮᠤᠩᠭᠤᠯ ᠤᠨ ᠬᠤᠪᠢᠰᠬᠠᠯᠳᠤ ᠵᠠᠯᠠᠭᠤᠴᠤᠳ ᠪᠠ ᠵᠡᠭᠦᠨ ᠮᠤᠩᠭᠤᠯ ᠤᠨ ᠲᠡᠭᠡᠳᠤ ᠲᠠᠪᠬᠤᠷᠭ᠎ᠠ ᠶᠢᠨ ᠬᠦᠴᠤᠨ ᠤ ᠲᠤᠬᠠᠢ᠃  ᠵᠡᠭᠦᠨ ᠮᠤᠩᠭᠤᠯ ᠤᠨ ᠤᠳᠤᠬᠠᠨ ᠤ ᠠᠰᠢᠭᠳᠠᠢ ᠪᠠᠶᠢᠳᠠᠯ ᠢ ᠪᠦᠷᠢᠯᠳᠤᠬᠦᠯᠬᠦ ᠵᠢᠴᠢ ᠬᠤᠶᠢᠰᠢᠳᠡ  ᠶᠢᠨ ᠬᠦᠭᠵᠢᠯᠳᠡ ᠶᠢᠨ ᠪᠠᠶᠢᠳᠠᠯ ᠢ ᠰᠢᠢᠳᠪᠤᠷᠢᠯᠡᠬᠦ ᠭᠤᠤᠯ ᠬᠦᠴᠤᠨ ᠪᠤᠯ ᠬᠤᠪᠢᠰᠬᠠᠯᠳᠤ ᠵᠠᠯᠠᠭᠤᠴᠤᠳ ᠪᠤᠯᠤᠨ᠎ᠠ᠃ ᠲᠡᠳᠡ ᠪᠤᠯ ᠪᠢᠳᠡᠨ ᠤ ᠲᠦᠰᠢᠭ ᠪᠤᠯᠬᠤ ᠪᠦᠭᠡᠳ ᠬᠦᠰᠡᠯ ᠪᠤᠯᠤᠨ᠎ᠠ᠂ ᠵᠡᠭᠦᠨ ᠮᠤᠩᠭᠤᠯ ᠤᠨ ᠬᠤᠪᠢᠰᠬᠠᠯᠳᠤ ᠵᠠᠯᠠᠭᠤᠴᠤᠳ ᠴᠡᠷᠢᠭ᠂ ᠵᠠᠰᠠᠭ ᠤᠨ ᠤᠷᠳᠤᠨ᠂ ᠰᠤᠷᠭᠠᠭᠤᠯᠢ ᠪᠠ ᠤᠯᠠᠨ ᠲᠦᠮᠡᠨᠴᠢ ᠪᠦᠯᠬᠦᠮ ᠤᠨ ᠲᠤᠮᠳᠠ ᠦᠷᠭᠡᠨ ᠢᠶᠠᠷ ᠲᠠᠷᠬᠠᠵᠤ ᠪᠠᠶᠢᠨ᠎ᠠ᠂ ᠲᠡᠳᠡ ᠴᠡᠷᠢᠭ ᠠᠩᠭᠢ ᠶᠢᠨ ᠲᠤᠮᠳᠠ ᠦᠨᠳᠤᠰᠤᠨ ᠳᠡᠭᠡᠨ ᠤᠳᠤᠷᠢᠳᠬᠤ ᠡᠷᠬᠡ ᠶᠢ ᠡᠵᠡᠮᠰᠢᠵᠤ ᠪᠠᠶᠢᠨ᠎ᠠ᠂ ᠵᠠᠰᠠᠭ ᠵᠠᠬᠢᠷᠭᠠᠨ  ᠤ ᠲᠤᠳᠤᠷ᠎ᠠ ᠬᠡᠰᠡᠭ ᠲᠤᠰᠢᠶᠠᠯ ᠢ ᠬᠠᠷᠢᠭᠤᠴᠠᠵᠤ᠂ ᠲᠡᠭᠡᠳᠤ ᠲᠠᠪᠬᠤᠷᠭ᠎ᠠ ᠶᠢᠨ ᠬᠦᠴᠤᠨ ᠢ ᠲᠠᠳᠠᠵᠤ ᠪᠤᠢ︔ ᠤᠯᠠᠨ ᠲᠦᠮᠡᠨᠴᠢ ᠪᠦᠯᠬᠦᠮ ᠤᠨ ᠲᠤᠮᠳᠠ ᠮᠠᠰᠢ ᠬᠦᠭᠵᠢᠯᠳᠠᠢ᠃  ᠵᠡᠭᠦᠨ ᠮᠤᠩᠭᠤᠯ ᠤᠨ ᠬᠤᠪᠢᠰᠬᠠᠯᠳᠤ ᠵᠠᠯᠠᠭᠤᠴᠤᠳ ᠤᠨ ᠡᠪᠯᠡᠯ ᠪᠤᠯ ᠪᠢᠳᠡᠨ ᠤ ᠰᠠᠶᠢᠨ ᠬᠠᠪᠰᠤᠷᠤᠭᠴᠢ ᠮᠦᠨ᠂ ᠭᠤᠤᠯ ᠬᠠᠷᠢᠭᠤᠴᠠᠯᠭᠠᠳᠠᠨ ᠨᠢ ᠲᠡᠭᠦᠰᠴᠤᠭᠳᠤ᠂ ᠪᠠᠳᠤᠪᠠᠭᠠᠨ᠎ᠠ᠂ ᠵᠢᠢ ᠶᠢᠨ ᠲᠤᠤ᠂ ᠪᠦᠳᠤᠭᠡᠭᠴᠢ᠂ ᠲᠡᠯᠭᠡᠷ᠂ ᠬᠠᠰ ᠵᠡᠷᠭᠡ ᠨᠦᠬᠦᠷ ᠪᠤᠢ᠃ ᠵᠠᠯᠠᠭᠤᠴᠤᠳ ᠤᠨ ᠡᠪᠯᠡᠯ ᠨᠢ ᠴᠡᠷᠢᠭ ᠠᠩᠭᠢ᠂ ᠵᠠᠰᠠᠭ ᠵᠠᠬᠢᠷᠭ᠎ᠠ ᠪᠠ ᠠᠵᠢᠯᠯᠠᠬᠤ ᠠᠩᠭᠢ᠂ ᠴᠡᠷᠢᠭ ᠵᠠᠰᠠᠭ ᠤᠨ ᠺᠠᠳ᠋ᠷ ᠤᠨ ᠰᠤᠷᠭᠠᠭᠤᠯᠢ ᠶᠢᠨ ᠲᠤᠳᠤᠷ᠎ᠠ ᠴᠦᠮ ᠦᠪᠡᠷ ᠤᠨ ᠢᠶᠠᠨ ᠡᠪᠯᠡᠯ ᠤᠨ ᠭᠡᠰᠢᠬᠦᠨ ᠲᠠᠢ᠂ ᠲᠡᠳᠡ ᠮᠠᠨ ᠤ ᠨᠠᠮ ᠤᠨ ᠤᠳᠤᠷᠢᠳᠤᠯᠭ᠎ᠠ ᠶᠢ ᠬᠦᠯᠢᠶᠡᠵᠤ᠂ ᠬᠤᠪᠢᠰᠬᠠᠯ ᠤᠨ ᠤᠪᠤᠷ ᠪᠠᠳᠤ ᠴᠢᠩᠭ᠎ᠠ ᠪᠢᠯᠡ᠃ ᠮᠠᠨ ᠤ ᠨᠠᠮ ᠤᠨ ᠵᠡᠭᠦᠨ ᠮᠤᠩᠭᠤᠯ ᠤᠨ ᠠᠵᠢᠯᠯᠠᠬᠤ ᠺᠤᠮᠢᠰ ᠤᠨ ᠬᠤ᠋ ᠵᠤᠤ ᠡᠾᠧᠩ ᠨᠦᠬᠦᠷ ᠵᠠᠯᠠᠭᠤᠴᠤᠳ ᠤᠨ ᠡᠪᠯᠡᠯ ᠤᠨ ᠠᠵᠢᠯ ᠢ ᠬᠠᠷᠢᠭᠤᠴᠠᠬᠤ ᠶᠢᠨ ᠬᠠᠮᠳᠤ᠂ ᠵᠡᠭᠦᠨ ᠮᠤᠩᠭᠤᠯ ᠤᠨ ᠴᠡᠷᠢᠭ ᠵᠠᠰᠠᠭ ᠤᠨ ᠺᠠᠳ᠋ᠷ ᠤᠨ ᠰᠤᠷᠭᠠᠭᠤᠯᠢ ᠶᠢᠨ ᠤᠯᠤᠰ ᠲᠦᠷᠤ ᠶᠢᠨ ᠭᠡᠰᠢᠬᠦᠨ ᠤ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠤᠢ᠂ ᠯᠢᠤ ᠰᠢᠤᠸᠠᠨ ᠨᠦᠬᠦᠷ ᠡᠮᠡᠭᠳᠡᠶᠢᠴᠤᠳ ᠤᠨ ᠬᠤᠯᠪᠤᠭ᠎ᠠ ᠶᠢᠨ ᠠᠵᠢᠯ ᠢ ᠬᠠᠷᠢᠭᠤᠴᠠᠵᠤ ᠪᠠᠶᠢᠪᠠ᠃ ᠵᠡᠭᠦᠨ ᠮᠤᠩᠭᠤᠯ ᠤᠨ ᠲᠡᠭᠡᠳᠤ ᠲᠠᠪᠬᠤᠷᠭ᠎ᠠ ᠭᠡᠪᠡᠯ ᠵᠡᠭᠦᠨ ᠤ᠂  ᠲᠤᠮᠳᠠ ᠶᠢᠨ᠂ ᠪᠠᠷᠠᠭᠤᠨ ᠤ ᠡᠳᠡᠭᠡᠳ ᠤᠷᠤᠰᠢᠵᠤ ᠪᠤᠢ᠂ ᠮᠠᠨᠢᠪᠠᠳᠠᠷᠠ ᠪᠠᠷ ᠲᠦᠯᠦᠭᠡᠯᠡᠭᠰᠡᠨ ᠤᠨᠴᠠ ᠪᠠᠭ᠎ᠠ ᠲᠤᠭᠠᠨ ᠤ ᠬᠦᠮᠤᠰ ᠤᠨ ᠦᠭᠡ ᠬᠡᠯᠡ ᠠᠵᠢᠯᠯᠠᠭ᠎ᠠ ᠶᠢᠨ ᠬᠢᠨ ᠢᠯᠡᠷᠡᠯ ᠠᠴᠠ ᠦᠵᠡᠪᠡᠯ᠂ ᠪᠠᠷᠠᠭᠤᠨ ᠤ ᠬᠦᠴᠤᠨ ᠤ ᠬᠢ ᠪᠤᠯᠤᠨ᠎ᠠ︔ ᠪᠤᠶᠠᠨᠮᠠᠨᠳᠤᠬᠤ ᠪᠠᠷ ᠲᠦᠯᠦᠭᠡᠯᠡᠭᠰᠡᠨ ᠡᠨᠡ ᠬᠡᠰᠡᠭ ᠬᠦᠮᠤᠰ ᠪᠢᠳᠡᠨ ᠲᠠᠢ ᠤᠶᠢᠷᠠᠳᠤᠬᠤ ᠴᠤ ᠦᠭᠡᠢ᠂ ᠬᠤᠯᠠᠳᠠᠬᠤ ᠴᠤ ᠦᠭᠡᠢ᠂ ᠲᠤᠮᠳᠠ ᠶᠢᠨ ᠬᠦᠴᠤᠨ ᠤ ᠬᠢ ᠳᠤ ᠪᠠᠭᠳᠠᠨ᠎ᠠ︔  ᠬᠠᠹᠦ᠋ᠩᠭ᠎ᠠ᠂ ᠲᠡᠮᠤᠷᠪᠠᠭᠠᠨ᠎ᠠ᠂ ᠠᠰᠬᠠᠨ ᠵᠡᠷᠭᠡ ᠨᠦᠬᠦᠷ ᠮᠠᠨ ᠤ ᠨᠠᠮ ᠤᠨ ᠤᠳᠤᠷᠢᠳᠤᠯᠭ᠎ᠠ ᠶᠢ ᠪᠠᠶᠠᠷᠯᠠᠨ ᠤᠭᠳᠤᠵᠤ᠂ ᠬᠤᠪᠢᠰᠬᠠᠯᠳᠤ ᠵᠠᠯᠠᠭᠤᠴᠤᠳ ᠤᠨ ᠲᠤᠮᠳᠠ ᠲᠤᠭᠳᠠᠭᠰᠠᠨ ᠬᠡᠮᠵᠢᠶᠡᠨ ᠤ ᠢᠳᠡᠭᠡᠯ ᠲᠠᠢ᠂ ᠴᠧᠩ ᠳ᠋ᠧ ᠶᠢᠨ  ︽4· 3︾ ᠬᠤᠷᠠᠯᠳᠤᠭᠠᠨ ᠲᠡᠭᠡᠷ᠎ᠡ ︽ᠦᠪᠤᠷ ᠮᠤᠩᠭᠤᠯ ᠤᠨ ᠠᠷᠠᠳ ᠤᠨ ᠬᠤᠪᠢᠰᠬᠠᠯᠳᠤ ᠨᠠᠮ︾ ᠤᠨ ᠲᠠᠷᠬᠠᠬᠤ ᠶᠢ ᠵᠦᠪᠰᠢᠶᠡᠷᠡᠵᠤ᠂ ᠬᠠᠹᠦ᠋ᠩᠭ᠎ᠠ ᠪᠤᠯᠤᠨ ᠲᠡᠮᠤᠷᠪᠠᠭᠠᠨ᠎ᠠ ᠲᠤᠮᠳᠠᠳᠤ ᠤᠯᠤᠰ ᠤᠨ ᠡᠪ ᠬᠠᠮᠳᠤ ᠨᠠᠮ ᠳᠤ ᠤᠷᠤᠬᠤ ᠶᠢ ᠭᠤᠶᠤᠴᠢᠯᠠᠪᠠ᠃ ᠲᠡᠳᠡ ᠪᠤᠯ ᠬᠤᠪᠢᠰᠬᠠᠯ ᠤᠨ ᠨᠦᠬᠦᠷ ᠮᠦᠨ᠂ ᠭᠡᠪᠡᠴᠤ ᠪᠠᠭᠤᠷᠠᠢ ᠲᠠᠯ᠎ᠠ ᠲᠠᠢ᠂  ᠤᠯᠤᠰ ᠲᠦᠷᠤ ᠶᠢᠨ ᠲᠠᠯ᠎ᠠ ᠪᠠᠷ ᠶᠡᠭᠡ ᠬᠡᠮᠵᠢᠶᠡᠨ ᠤ ᠬᠠᠪᠰᠤᠷᠤᠯᠭ᠎ᠠ ᠦᠭᠬᠦ ᠴᠢᠬᠤᠯᠠᠳᠠᠢ᠃ ᠶᠡᠷᠤᠩᠬᠡᠢ ᠳᠡᠭᠡᠨ᠂ ᠲᠡᠭᠡᠷᠡᠬᠢ ᠪᠤᠳᠤᠯᠢᠶᠠᠨᠳᠠᠢ ᠪᠠᠶᠢᠳᠠᠯ ᠢ ᠦᠨᠳᠤᠰᠤᠯᠡᠵᠤ᠂ ᠪᠢᠳᠡ ᠵᠡᠭᠦᠨ ᠮᠤᠩᠭᠤᠯ ᠤᠨ ᠡᠯ᠎ᠡ ᠵᠤᠶᠢᠯ ᠤᠨ ᠤᠯᠤᠰ ᠲᠦᠷᠤ ᠶᠢᠨ ᠬᠦᠴᠤᠨ ᠳᠤ ᠪᠤᠳᠠᠳᠢ ᠵᠠᠳᠠᠯᠤᠯᠳᠠ ᠬᠢᠵᠤ᠂ ᠠᠳᠠᠯᠢ ᠪᠤᠰᠤ  ᠪᠠᠷ ᠬᠠᠨᠳᠤᠬᠤ ᠬᠡᠷᠡᠭᠳᠡᠢ᠃ ︵ᠲᠠᠶᠢᠯᠪᠤᠷᠢ᠄  ᠠᠰᠬᠠᠨ᠂ ᠴᠧᠩ ᠳ᠋ᠧ ᠶᠢᠨ ︽4· 3︾ ᠬᠤᠷᠠᠯᠳᠤᠭᠠᠨ ᠳᠤ ᠤᠷᠤᠯᠴᠠᠭᠰᠠᠨ ᠦᠭᠡᠢ᠂ ᠲᠡᠷᠡ ᠪᠤᠯ ᠪᠠᠷᠠᠭᠤᠨ ᠮᠠᠨᠵᠤ ᠶᠢᠨ ᠬᠤᠪᠢᠶᠠᠷᠢ ᠲᠤᠪᠴᠢᠶᠠᠨ ᠳᠤ ᠨᠠᠮ ᠳᠤ ᠤᠷᠤᠬᠤ ᠡᠷᠬᠦᠭᠳᠡᠯ ᠭᠠᠷᠭᠠᠭᠰᠠᠨ ᠶᠤᠮ᠃︶        ᠭᠤᠷᠪᠠ᠂ ᠵᠡᠭᠦᠨ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠢ ᠬᠢᠩᠭᠠᠨ ᠮᠤᠵᠢ ᠶᠢᠨ ᠵᠠᠰᠠᠭ ᠤᠨ ᠤᠷᠳᠤᠨ ᠪᠤᠯᠭᠠᠨ ᠦᠭᠡᠷᠡᠴᠢᠯᠡᠬᠦ ᠠᠰᠠᠭᠤᠳᠠᠯ ᠤᠨ ᠲᠤᠬᠠᠢ᠃ ᠵᠡᠭᠦᠨ ᠮᠤᠩᠭᠤᠯ ᠤᠨ ᠠᠵᠢᠯᠯᠠᠬᠤ ᠺᠤᠮᠢᠰ ᠬᠠᠹᠦ᠋ᠩᠭ᠎ᠠ᠂ ᠠᠰᠬᠠᠨ᠂ ᠲᠡᠮᠤᠷᠪᠠᠭᠠᠨ᠎ᠠ ᠵᠡᠷᠭᠡ ᠬᠤᠯᠪᠤᠭᠳᠠᠯ ᠪᠦᠬᠦᠢ ᠨᠦᠬᠦᠷ ᠪᠠ ᠵᠠᠯᠠᠭᠤᠴᠤᠳ ᠤᠨ ᠡᠪᠯᠡᠯ ᠤᠨ ᠬᠠᠷᠢᠭᠤᠴᠠᠯᠭᠠᠳᠠᠨ ᠨᠦᠬᠦᠷ ᠲᠠᠢ ᠵᠦᠪᠳᠡᠬᠦ ᠪᠠᠷ ᠲᠠᠮᠵᠢᠵᠤ᠂ ᠦᠭᠡᠷᠡᠴᠢᠯᠡᠨ ᠪᠠᠶᠢᠭᠤᠯᠬᠤ ᠠᠰᠠᠭᠤᠳᠠᠯ ᠶᠡᠭᠡ ᠪᠢᠰᠢ᠂ ᠵᠠᠩᠬᠢᠯᠠᠭ᠎ᠠ ᠨᠢ ᠡᠯ᠎ᠡ ᠲᠠᠯ᠎ᠠ ᠶᠢᠨ ᠲᠦᠯᠦᠭᠡᠯᠡᠭᠴᠢ ᠶᠢᠨ ᠦᠵᠡᠯ ᠰᠠᠨᠠᠭᠠᠨ ᠤ ᠠᠵᠢᠯ ᠪᠠ ᠲᠡᠭᠡᠳᠤ ᠲᠠᠪᠬᠤᠷᠭ᠎ᠠ ᠶᠢᠨ ᠬᠦᠮᠤᠰ ᠢ ᠵᠤᠬᠢᠰᠳᠠᠢ ᠲᠤᠬᠢᠷᠠᠭᠤᠯᠬᠤ ᠶᠠᠪᠤᠳᠠᠯ ᠪᠤᠯᠤᠨ᠎ᠠ᠃ ᠮᠠᠨᠢᠪᠠᠳᠠᠷᠠ ᠲᠠᠯᠳᠠᠭᠤᠷ ᠶᠠᠷᠰᠢᠭᠯᠠᠬᠤ ᠮᠠᠭᠠᠳ ᠲᠠᠢ᠂ ᠭᠡᠪᠡᠴᠤ ᠶᠡᠭᠡ ᠰᠠᠭᠠᠳ ᠬᠠᠷᠰᠢᠯ ᠪᠤᠯᠵᠤ ᠴᠢᠳᠠᠬᠤ ᠦᠭᠡᠢ ᠭᠡᠵᠤ ᠦᠵᠡᠵᠡᠭᠡᠪᠡ᠃      ᠹᠦ᠋ ᠴᠦᠨ ᠨᠦᠬᠦᠷ ᠮᠢᠨᠤ ᠬᠠᠷᠢᠭᠤ ᠮᠡᠳᠡᠬᠦᠯᠦᠯᠳᠡ ᠶᠢ ᠰᠤᠨᠤᠰᠤᠭᠰᠠᠨ ᠤ ᠰᠡᠬᠦᠯᠡᠷ᠂ ᠨᠠᠳᠠ ᠶᠢ ᠲᠠᠷᠤᠢ ᠬᠢᠩᠭᠠᠨ ᠮᠤᠵᠢ ᠶᠢᠨ ᠵᠠᠰᠠᠭ ᠤᠨ ᠤᠷᠳᠤᠨ ᠤ ᠬᠡᠷᠡᠭᠵᠢᠬᠦᠯᠬᠦ ᠬᠦᠳᠤᠯᠪᠤᠷᠢ ᠪᠠ ᠵᠤᠬᠢᠶᠠᠨ ᠪᠠᠶᠢᠭᠤᠯᠤᠯᠳᠠ ᠶᠢᠨ ᠲᠤᠪᠴᠢ ︵ᠮᠤᠵᠢ  ᠶᠢᠨ ᠵᠦᠪᠯᠡᠯᠭᠡᠨ ᠤ ᠬᠤᠷᠠᠯ ᠪᠠᠭᠳᠠᠨ᠎ᠠ︶   ᠶᠢ ᠪᠢᠴᠢᠬᠦ ᠵᠢᠭᠠᠪᠤᠷᠢ ᠦᠭᠴᠤ᠂ ᠵᠠᠩ ᠫᠢᠩ ᠬᠤᠸᠠ ᠨᠦᠬᠦᠷ ᠬᠢᠨᠠᠵᠤ ᠵᠠᠰᠠᠪᠤᠷᠢ ᠤᠷᠤᠭᠤᠯᠬᠤ᠂ ᠪᠠᠷᠠᠭᠤᠨ ᠮᠠᠨᠵᠤ ᠶᠢᠨ ᠬᠤᠪᠢᠶᠠᠷᠢ ᠲᠤᠪᠴᠢᠶ᠎ᠠ ᠵᠦᠪᠰᠢᠶᠡᠷᠡᠭᠡᠳ ᠨᠠᠳᠠ ᠪᠠᠷ ᠸᠠᠩ ᠤᠨ ᠰᠦᠮ᠎ᠠ ᠳᠤ ᠠᠪᠠᠴᠢᠭᠤᠯᠵᠤ᠂ ᠵᠡᠭᠦᠨ ᠮᠤᠩᠭᠤᠯ ᠤᠨ ᠠᠵᠢᠯᠯᠠᠬᠤ ᠺᠤᠮᠢᠰ ᠢᠶᠠᠷ ᠲᠠᠮᠵᠢᠵᠤ᠂ ᠡᠯ᠎ᠡ ᠲᠠᠯ᠎ᠠ ᠶᠢᠨ ᠬᠢᠨ ᠳᠤ ᠠᠵᠢᠯ ᠬᠢᠵᠤ ᠰᠠᠨᠠᠯ ᠬᠤᠷᠢᠶᠠᠭᠠᠳ ᠬᠡᠷᠪᠡ ᠶᠡᠭᠡ ᠵᠦᠷᠢᠶ᠎ᠡ ᠦᠭᠡᠢ ᠪᠤᠯ ᠲᠠᠷᠤᠢ ᠵᠡᠭᠦᠨ ᠮᠤᠩᠭᠤᠯ ᠤᠨ ᠲᠦᠯᠦᠭᠡᠯᠡᠭᠴᠢᠳ ᠤᠨ ᠬᠤᠷᠠᠯᠳᠤᠭᠠᠨ ᠬᠢᠬᠦ ᠪᠠᠷ ᠵᠢᠭᠠᠪᠤᠷᠢ ᠦᠭᠪᠡ᠃ ᠲᠤᠬᠠᠢ ᠶᠢᠨ ᠦᠶ᠎ᠡ ᠳᠤ ᠶᠠᠭᠤᠨ ᠤ ᠤᠴᠢᠷ ᠠᠴᠠ ᠦᠪᠡᠷᠳᠡᠭᠡᠨ ᠵᠠᠰᠠᠬᠤ ᠵᠠᠰᠠᠭ ᠤᠨ ᠤᠷᠳᠤᠨ ᠢ ᠮᠤᠵᠢ ᠶᠢᠨ ᠵᠠᠰᠠᠭ ᠤᠨ ᠤᠷᠳᠤᠨ ᠪᠤᠯᠭᠠᠨ ᠦᠭᠡᠷᠡᠴᠢᠯᠡᠨ ᠪᠠᠶᠢᠭᠤᠯᠬᠤ ᠲᠤᠬᠠᠢ ᠲᠤᠳᠤᠷᠬᠠᠶᠢᠯᠠᠶ᠎ᠠ᠃ ᠤᠴᠢᠷ ᠨᠢ ᠮᠤᠩᠭᠤᠯ ᠦᠨᠳᠤᠰᠤᠳᠡᠨ ᠤ ᠦᠪᠡᠷᠳᠡᠭᠡᠨ ᠵᠠᠰᠠᠬᠤ ᠶᠢ ᠭᠤᠮᠢᠨᠳᠠᠩ ᠲᠠᠰᠤ ᠵᠦᠪᠰᠢᠶᠡᠷᠡᠬᠦ ᠦᠭᠡᠢ᠂ ᠲᠤᠬᠠᠢ ᠶᠢᠨ ᠦᠶ᠎ᠡ ᠳᠤ ᠢᠩᠬᠢᠵᠤ ᠬᠢᠬᠦ ᠨᠢ ᠭᠤᠮᠢᠨᠳᠠᠩ ᠳᠤ ᠠᠯᠬᠤᠮ ᠲᠠᠯᠪᠢᠵᠤ ᠦᠭᠬᠦᠭᠰᠡᠨ ᠬᠡᠷᠡᠭ ᠪᠤᠯᠤᠨ᠎ᠠ ︵ᠮᠠᠤ ᠲᠡᠷᠢᠭᠦᠯᠡᠭᠴᠢ  ᠶᠢᠨ ᠰᠤᠩᠭᠤᠮᠠᠯ ᠵᠤᠬᠢᠶᠠᠯ ᠤᠨ 100 ᠳ᠋ᠤᠭᠠᠷ ᠨᠢᠭᠤᠷ᠂ ᠵᠸᠤ ᠡᠸ᠋ᠨ ᠯᠠᠢ ᠶᠢᠨ ᠰᠤᠩᠭᠤᠮᠠᠯ ᠤᠨ 258 ᠳ᠋ᠤᠭᠠᠷ ᠨᠢᠭᠤᠷ ᠢ ᠯᠠᠪᠯᠠᠯᠳᠠ ᠪᠤᠯᠭᠠᠨ ᠦᠵᠡ︶ ᠭᠡᠪᠡᠴᠤ ᠦᠨᠳᠤᠰᠤᠳᠡᠨ ᠤ ᠦᠪᠡᠷᠳᠡᠭᠡᠨ ᠵᠠᠰᠠᠬᠤ ᠴᠢᠨᠠᠷ ᠨᠢ ᠬᠤᠪᠢᠷᠠᠭᠰᠠᠨ ᠦᠭᠡᠢ᠃ ᠮᠤᠷᠳᠠᠬᠤ ᠠᠴᠠ ᠡᠮᠤᠨ᠎ᠡ᠂ ᠹᠦ᠋ ᠴᠦᠨ ᠨᠦᠬᠦᠷ ᠨᠠᠳᠠ ᠳᠤ ᠤᠨᠴᠤᠭᠤᠶᠢᠯᠠᠨ ᠴᠢᠬᠤᠯᠠᠴᠢᠯᠠᠨ ᠬᠡᠯᠡᠭᠰᠡᠨ ᠨᠢ᠄ ︽ᠡᠨᠡ ᠪᠤᠯ ᠠᠬ᠎ᠠ ᠲᠡᠬᠦᠤ ᠦᠨᠳᠤᠰᠤᠳᠡᠨ ᠤ ᠭᠠᠵᠠᠷ ᠤᠷᠤᠨ᠂ ᠭᠠᠭᠴᠠᠬᠦ ᠨᠠᠷᠢᠨ ᠬᠢᠨᠠᠮᠠᠭᠠᠢ ᠬᠡᠯᠡᠵᠤ ᠰᠤᠷᠭᠠᠬᠤ ᠠᠵᠢᠯ ᠢ ᠬᠢᠬᠦ ᠬᠡᠷᠡᠭᠳᠡᠢ ᠃ ᠲᠠᠨᠤᠰ ᠭᠠᠷ ᠬᠤᠭᠤᠰᠤᠨ ᠤᠷᠤᠬᠤ ᠪᠤᠯᠤᠨ᠎ᠠ᠂ ᠶᠠᠭᠤᠨ ᠢ ᠲᠦᠰᠢᠭᠯᠡᠬᠦ ᠪᠤᠢ︖ ᠨᠠᠮ ᠤᠨ ᠦᠨᠳᠤᠰᠤᠳᠡᠨ ᠤ ᠲᠦᠷᠤ  ᠶᠢᠨ ᠪᠤᠳᠤᠯᠭ᠎ᠠ ᠶᠢ ᠡᠷᠡᠰ ᠬᠡᠷᠡᠭᠵᠢᠬᠦᠯᠬᠦ ᠳᠤ ᠲᠦᠰᠢᠭᠯᠡᠨ᠎ᠡ᠃ ᠲᠠᠪᠰᠢᠩᠭᠤᠢ ᠬᠦᠴᠤᠨ ᠢ ᠴᠢᠩᠭ᠎ᠠ ᠲᠦᠰᠢᠭᠯᠡᠵᠤ᠂ ᠵᠠᠪᠰᠠᠷ  ᠤᠨ ᠬᠦᠴᠤᠨ ᠢ ᠲᠠᠳᠠᠨ ᠠᠪᠴᠤ᠂ ᠲᠡᠷᠰᠯᠡᠬᠦᠴᠤᠳ ᠢ ᠭᠠᠭᠴᠠᠭᠠᠷᠳᠠᠭᠤᠯᠵᠤ᠂ ᠬᠦᠰᠡᠯ ᠡᠷᠡᠮᠡᠯᠵᠡᠯ ᠢᠶᠠᠨ ᠵᠡᠭᠦᠨ ᠮᠤᠩᠭᠤᠯ  ᠤᠨ ᠬᠤᠪᠢᠰᠬᠠᠯ ᠤᠨ ᠵᠠᠯᠠᠭᠤᠴᠤᠳ ᠤᠨ ᠪᠡᠶ᠎ᠡ ᠲᠡᠭᠡᠷ᠎ᠡ ᠲᠠᠯᠪᠢᠬᠤ ᠬᠡᠷᠡᠭᠳᠡᠢ᠃︾ ᠡᠭᠦᠨ ᠠᠴᠠ ᠭᠠᠳᠠᠨ᠎ᠠ᠂ ᠹᠦ᠋ ᠴᠦᠨ ᠨᠦᠬᠦᠷ ᠲᠦᠯᠦᠭᠡᠯᠡᠭᠴᠢᠳ ᠤᠨ ᠶᠡᠭᠡ ᠬᠤᠷᠠᠯ ᠨᠡᠭᠡᠭᠡᠬᠦ᠂ ᠲᠡᠭᠡᠳᠤ ᠲᠠᠪᠬᠤᠷᠭ᠎ᠠ ᠶᠢᠨ ᠬᠦᠮᠤᠰ ᠢ ᠲᠤᠬᠢᠷᠠᠭᠤᠯᠬᠤ᠂ ᠬᠢᠩᠭᠠᠨ ᠮᠤᠵᠢ ᠶᠢᠨ ᠭᠤᠤᠯ ᠤᠳᠤᠷᠢᠳᠤᠯᠭ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠢᠩᠭᠠᠨ ᠮᠤᠵᠢ ᠶᠢᠨ ᠠᠵᠢᠯᠯᠠᠬᠤ ᠺᠤᠮᠢᠰ ᠢ ᠪᠠᠶᠢᠭᠤᠯᠬᠤ ᠵᠡᠷᠭᠡ ᠳᠤ ᠪᠤᠳᠠᠳᠠᠢ ᠵᠢᠭᠠᠪᠤᠷᠢ ᠦᠭᠴᠠᠢ᠃ ᠡᠨᠡ ᠦᠶᠡᠰ᠂  ᠪᠢ ᠹᠦ᠋ ᠴᠦᠨ ᠨᠦᠬᠦᠷ ᠤᠨ ᠦᠭᠬᠦᠭᠰᠡᠨ ᠪᠦᠬᠦ ᠲᠠᠯ᠎ᠠ ᠶᠢᠨ ᠵᠢᠭᠠᠪᠤᠷᠢ ᠶᠢᠨ ᠲᠤᠬᠠᠢ ᠲᠤᠤᠷᠠᠬᠢ ᠮᠡᠳᠤ ᠤᠬᠠᠭᠳᠠᠬᠤᠨ ᠲᠠᠢ ᠪᠤᠯᠪᠠ᠄ ᠲᠠᠷᠤᠢ ᠵᠡᠭᠦᠨ ᠮᠤᠩᠭᠤᠯ ᠤᠨ ᠭᠠᠵᠠᠷ᠂ ᠭᠤᠤᠯ ᠨᠢ ᠤᠯᠤᠰ ᠲᠦᠷᠤ ᠶᠢᠨ ᠠᠵᠢᠯ ᠳᠤ ᠲᠦᠰᠢᠭᠯᠡᠵᠤ᠂ ᠨᠠᠮ ᠤᠨ ᠴᠢᠭᠯᠡᠯᠳᠡ ᠲᠦᠷᠤ ᠶᠢᠨ ᠪᠤᠳᠤᠯᠭ᠎ᠠ ᠶᠢ ᠵᠦᠪ ᠢᠶᠠᠷ ᠬᠡᠷᠡᠭᠵᠢᠬᠦᠯᠬᠦ ᠳᠤ ᠲᠦᠰᠢᠭᠯᠡᠨ᠎ᠡ᠃ ᠪᠤᠳᠠᠳᠠᠢ ᠪᠠᠷ ᠬᠡᠯᠡᠪᠡᠯ᠂ ᠬᠤᠪᠢᠰᠬᠠᠯᠳᠤ ᠵᠠᠯᠠᠭᠤᠴᠤᠳ ᠢ ᠲᠦᠰᠢᠭᠯᠡᠬᠦ᠂ ᠬᠠᠪᠰᠤᠷᠬᠤ᠂  ᠬᠦᠮᠤᠵᠢᠬᠦᠯᠬᠦ ᠴᠢᠭᠯᠡᠯᠳᠡ ᠠᠪᠤᠪᠠ︔ ᠲᠡᠭᠡᠳᠤ ᠲᠠᠪᠬᠤᠷᠭ᠎ᠠ ᠶᠢᠨ ᠬᠦᠴᠤᠨ ᠢ ᠲᠠᠳᠠᠬᠤ᠂ ᠪᠦᠯᠬᠦᠮᠳᠡᠬᠦ᠂ ᠦᠭᠡᠷᠡᠴᠢᠯᠡᠬᠦ ᠴᠢᠭᠯᠡᠯᠳᠡ ᠠᠪᠴᠤ︔  ᠲᠡᠷᠰᠯᠡᠬᠦᠤ ᠡᠳᠡᠭᠡᠳ ᠲᠤ ᠢᠯᠡᠴᠢᠯᠡᠬᠦ᠂ ᠭᠠᠭᠴᠠᠭᠠᠷᠳᠠᠭᠤᠯᠬᠤ᠂ ᠴᠤᠬᠢᠯᠳᠠ ᠦᠭᠬᠦ ᠴᠢᠭᠯᠡᠯᠳᠠ ᠠᠪᠬᠤ ᠪᠤᠯᠤᠨ᠎ᠠ᠃ ᠬᠤᠶᠢᠰᠢᠳᠡ ᠶᠢᠨ ᠪᠤᠳᠠᠳᠤ ᠠᠵᠢᠯ ᠤᠨ ᠲᠤᠮᠳᠠ ᠪᠢᠳᠡ ᠲᠠᠷᠤᠢ ᠢᠩᠬᠢᠵᠤ ᠬᠡᠷᠡᠭᠵᠢᠬᠦᠯᠦᠭᠰᠡᠨ ᠶᠤᠮ᠃      ᠪᠢ ᠸᠠᠩ ᠤᠨ ᠰᠦᠮ᠎ᠡ ᠳᠤ ᠬᠠᠷᠢᠵᠤ ᠵᠡᠭᠦᠨ ᠮᠤᠩᠭᠤᠯ ᠤᠨ ᠠᠵᠢᠯᠯᠠᠬᠤ ᠺᠤᠮᠢᠰ ᠲᠤ ᠹᠦ᠋ ᠴᠦᠨ ᠨᠦᠬᠦᠷ ᠤᠨ ᠵᠢᠭᠠᠪᠤᠷᠢ ᠶᠢ ᠤᠯᠠᠮᠵᠢᠯᠠᠭᠰᠠᠨ ᠤ ᠰᠡᠬᠦᠯᠡᠷ᠂ ᠲᠡᠷᠤᠢ ᠠᠵᠢᠯᠯᠠᠬᠤ ᠺᠤᠮᠢᠰ ᠤᠨ ᠤᠳᠤᠷᠢᠳᠤᠭᠰᠠᠨ ᠵᠡᠭᠦᠨ ᠮᠤᠩᠭᠤᠯ ᠤᠨ ᠠᠷᠠᠳ ᠤᠨ ᠲᠦᠯᠦᠭᠡᠯᠡᠭᠴᠢ ᠶᠢᠨ ᠬᠤᠷᠠᠯ ᠬᠢᠵᠤ ᠬᠢᠩᠭᠠᠨ ᠮᠤᠵᠢ ᠶᠢᠨ ᠵᠠᠰᠠᠭ ᠤᠨ ᠤᠷᠳᠤᠨ ᠪᠠᠶᠢᠭᠤᠯᠬᠤ ᠪᠡᠯᠡᠳᠭᠡᠯ ᠠᠵᠢᠯ  ᠳᠤ ᠤᠷᠤᠯᠴᠠᠪᠠ᠃ ᠡᠨᠡ ᠤᠳᠠᠭ᠎ᠠ ᠵᠢᠶᠠᠩ ᠪᠢ ᠿᠧᠨ ᠨᠦᠬᠦᠷ ᠪᠠᠰᠠ ᠨᠠᠳᠠ ᠲᠠᠢ ᠬᠠᠮᠳᠤ ᠤᠴᠢᠭᠰᠠᠨ ᠶᠤᠮ᠂ ᠰᠡᠬᠦᠯᠡᠷ  ᠨᠢ ᠲᠡᠷᠡ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠪᠠᠯᠠᠭᠳᠠᠢ ᠨᠤᠳᠤᠭ ᠤᠨ ᠵᠠᠰᠠᠭ ᠤᠨ ᠤᠷᠳᠤᠨ ᠢ ᠪᠠᠶᠢᠭᠤᠯᠬᠤ ᠦᠶᠡᠰ᠂ ᠲᠡᠭᠡᠷᠡᠮ ᠳᠤ ᠬᠤᠤᠷᠯᠠᠭᠳᠠᠵᠤ᠂ ᠦᠩᠭᠡ ᠬᠡᠷᠡᠯᠳᠡᠢ ᠪᠠᠷ ᠨᠠᠰᠤ ᠪᠠᠷᠠᠵᠠᠢ᠃      ᠲᠤᠬᠠᠢ ᠶᠢᠨ ᠦᠶ᠎ᠡ ᠳᠤ᠂ ᠭᠤᠮᠢᠨᠳᠠᠩ ᠤᠨ ᠴᠡᠷᠢᠭ ᠶᠠᠭ ᠭᠠᠯᠵᠠᠭᠤᠷᠠᠭᠰᠠᠨ ᠮᠡᠳᠤ ᠮᠠᠨ ᠢ ᠲᠤᠪᠳᠤᠯᠵᠤ ᠪᠠᠶᠢᠵᠠᠢ᠃ ᠰᠧᠫᠢᠩ᠂  ᠴᠠᠩᠴᠦ᠋ᠨ ᠤ ᠡᠮᠤᠨ᠎ᠡ ᠹᠷᠤᠨᠲ ᠲᠤ ᠰᠢᠷᠤᠬᠦᠨ ᠪᠠᠶᠢᠯᠳᠤᠭᠠᠨ ᠪᠤᠯᠵᠤ ᠪᠠᠶᠢᠪᠠ᠃ ᠮᠠᠨ ᠤ ᠴᠡᠷᠢᠭ ᠶᠠᠭ ᠰᠡᠷᠭᠡᠶᠢᠯᠡᠨ ᠬᠤᠷᠢᠭᠯᠠᠬᠤ ᠪᠠᠶᠢᠷᠢᠨ ᠳᠤ ᠪᠠᠶᠢᠵᠠᠢ᠃ ︵ᠵᠸᠤ ᠡᠸ᠋ᠨ ᠯᠠᠢ ᠶᠢᠨ ᠰᠤᠩᠭᠤᠮᠠᠯ ᠤᠨ 258  ᠳ᠋ᠤᠭᠠᠷ ᠨᠢᠭᠤᠷ ᠢ ᠯᠠᠪᠯᠠᠯᠳᠠ ᠪᠤᠯᠭᠠᠨ ᠦᠵᠡᠭᠡᠷᠡᠢ︶ ᠵᠡᠭᠦᠨ ᠮᠤᠩᠭᠤᠯ ᠤᠨ ᠲᠦᠯᠦᠭᠡᠯᠡᠭᠴᠢᠳ ᠤᠨ ᠬᠤᠷᠠᠯ ᠨᠢ ᠡᠶᠢᠮᠤᠷᠬᠦ ᠪᠠᠶᠢᠳᠠᠯ ᠤᠨ ᠲᠤᠤᠷ᠎ᠠ ᠬᠢᠪᠡ᠃ ᠮᠠᠨᠢᠪᠠᠳᠠᠷᠠ ᠵᠡᠷᠭᠡ ᠤᠨᠴᠠ ᠵᠠᠷᠢᠮ ᠲᠡᠷᠰᠯᠡᠬᠦᠳᠠᠨ᠂ ︽ ᠲᠤᠮᠳᠠ ᠶᠢ ᠪᠠᠷᠢᠮᠳᠠᠯᠠᠵᠤ᠂ ᠭᠤᠮᠢᠨᠳᠠᠩ ᠡᠪ ᠬᠠᠮᠳᠤ ᠨᠠᠮ ᠤᠨ ᠲᠡᠮᠡᠴᠡᠯ ᠤᠨ ᠬᠤᠭᠤᠷᠤᠨᠳᠤ ᠤᠷᠤᠬᠤ ᠦᠭᠡᠢ︾ ᠪᠠ ︽ᠦᠨᠳᠤᠰᠤᠳᠡᠨ ᠲᠤᠰᠠᠭᠠᠷ ᠲᠤᠭᠳᠠᠨᠢᠬᠤ︾ ᠵᠡᠷᠭᠡ ᠲᠤᠭ ᠢ ᠡᠷᠬᠦᠵᠤ᠂ ᠲᠠᠯᠳᠠᠭᠤᠷ ᠦᠳᠤᠭᠡᠯᠭᠡ ᠬᠢᠵᠤ᠂ ᠦᠨᠡᠨᠳᠡᠭᠡᠨ ᠡᠨᠡᠬᠦ ᠦᠴᠤᠭᠡᠨ ᠨᠢᠭᠡ ᠪᠦᠯᠦᠭ ᠬᠦᠮᠤᠨ ᠪᠢᠳᠡᠨ  ᠢ ᠬᠦᠭᠡᠭᠡᠨ ᠶᠠᠪᠤᠭᠤᠯᠵᠤ᠂ ᠭᠤᠮᠢᠨᠳᠠᠩ ᠤᠨ ᠢᠷᠡᠵᠤ ᠬᠤᠷᠢᠶᠠᠨ ᠠᠪᠬᠤ ᠶᠢ ᠬᠦᠯᠢᠶᠡᠭᠰᠡᠨ ᠬᠡᠷᠡᠭ ᠪᠤᠯᠤᠨ᠎ᠠ᠃ ᠪᠢᠳᠡ ᠲᠠᠪᠰᠢᠩᠭᠤᠢ ᠬᠦᠴᠤᠨ ᠢ ᠡᠷᠡᠰ ᠲᠦᠰᠢᠭᠯᠡᠵᠤ ︵ᠭᠤᠤᠯ ᠨᠢ ᠬᠤᠪᠢᠰᠬᠠᠯᠳᠤ ᠵᠠᠯᠠᠭᠤᠴᠤᠳ︶ ᠵᠡᠭᠦᠨ ᠤ ᠲᠤᠮᠳᠠᠬᠢ ᠴᠢᠨᠠᠭᠰᠢᠯᠠᠪᠠᠯ ᠲᠤᠮᠳᠠᠬᠢ ᠶᠢᠨ ᠲᠤᠳᠤᠷᠠᠬᠢ ᠪᠠᠷᠠᠭᠤᠨ ᠤ ᠬᠦᠮᠤᠰ ᠲᠠᠢ ᠭᠦᠢᠴᠡᠳ ᠵᠦᠪᠯᠡᠯᠳᠡ ᠬᠢᠵᠤ᠂ ᠲᠡᠷᠰᠯᠡᠬᠦᠤ ᠦᠭᠡ ᠶᠠᠷᠢᠶᠠᠨ ᠤ ᠬᠢᠨᠢ ᠮᠦᠨ ᠴᠢᠨᠠᠷ ᠢ ᠢᠯᠠᠴᠢᠯᠡᠨ ᠭᠠᠭᠴᠠᠭᠠᠷᠳᠠᠭᠤᠯᠪᠠ᠃ ᠡᠨᠡ ᠮᠡᠳᠤ ᠪᠠᠷ ᠵᠤᠩᠬᠢᠯᠠᠬᠤ ᠲᠤᠭᠠᠨ ᠤ ᠬᠢ ᠶᠢ ᠲᠠᠳᠠᠨ ᠠᠪᠴᠤ ᠢᠯᠠᠯᠳᠠ ᠤᠯᠤᠭᠰᠠᠨ ᠶᠤᠮ᠃     1946 ᠤᠨ ᠤ 5 ᠰᠠᠷ᠎ᠠ ᠶᠢᠨ 28 ᠤ ᠡᠳᠤᠷ᠂ ᠬᠢᠩᠭᠠᠨ ᠮᠤᠵᠢ ᠶᠢᠨ ᠵᠠᠰᠠᠭ ᠤᠨ ᠤᠷᠳᠤᠨ ᠪᠠᠶᠢᠭᠤᠯᠤᠭᠳᠠᠪᠠ᠃ ᠮᠤᠵᠢ ᠶᠢᠨ ᠵᠠᠰᠠᠭ ᠤᠨ ᠤᠷᠳᠤᠨ ᠤ ᠲᠡᠷᠢᠬᠦᠯᠡᠭᠴᠢ ᠲᠡᠮᠤᠷᠪᠠᠭᠠᠨ᠎ᠠ᠂ ᠲᠡᠳ᠋ ᠲᠡᠷᠢᠭᠦᠯᠡᠭᠴᠢ ᠵᠠᠩ ᠼᠧ᠂ ᠨᠠᠷᠢᠨ ᠪᠢᠴᠢᠭ ᠤᠨ ᠲᠠᠷᠤᠭ᠎ᠠ ᠹᠠᠩ ᡁᠢ ᠳ᠋ᠠ︔  ᠮᠤᠵᠢ ᠶᠢᠨ ᠵᠦᠪᠯᠡᠯᠭᠡᠨ ᠤ ᠬᠤᠷᠠᠯ ᠤᠨ ᠲᠠᠷᠤᠭ᠎ᠠ ᠪᠤᠶᠠᠨᠮᠠᠨᠳᠤᠬᠤ︔ ᠬᠢᠩᠭᠠᠨ ᠮᠤᠵᠢ ᠶᠢᠨ ᠴᠡᠷᠢᠭ ᠤᠨ ᠲᠤᠭᠤᠷᠢᠭ ᠤᠨ ᠰᠧᠯᠢᠩ ᠠᠰᠬᠠᠨ᠂  ᠤᠯᠤᠰ ᠲᠦᠷᠤ ᠶᠢᠨ ᠭᠡᠰᠢᠬᠦᠨ ᠬᠠᠹᠦ᠋ᠩᠭ᠎ᠠ᠂ ᠲᠡᠳ᠋ ᠤᠯᠤᠰ ᠲᠦᠷᠤ  ᠶᠢᠨ ᠭᠡᠰᠢᠬᠦᠨ ᠵᠠᠩ ᠼᠧ᠂ ᠤᠯᠤᠰ ᠲᠦᠷᠤ ᠶᠢᠨ ᠬᠡᠯᠳᠡᠰ ᠤᠨ ᠡᠷᠬᠢᠯᠡᠭᠴᠢ ᠬᠤ᠋ ᠵᠤᠤ ᠡᠾᠧᠩ︔ ᠦᠪᠤᠷ ᠮᠤᠩᠭᠤᠯ ᠤᠨ ᠦᠪᠡᠷᠳᠡᠭᠡᠨ ᠵᠠᠰᠠᠬᠤ ᠬᠦᠳᠡᠯᠭᠡᠭᠡᠨ ᠤ ᠬᠤᠯᠪᠤᠭᠠᠳᠤ ᠬᠤᠷᠠᠯ ᠤᠨ ᠵᠡᠭᠦᠨ ᠮᠤᠩᠭᠤᠯ ᠤᠨ ᠶᠡᠷᠤᠩᠬᠡᠢ ᠬᠤᠪᠢᠶᠠᠷᠢ ᠬᠤᠷᠠᠯ ᠤᠨ ᠡᠷᠬᠢᠯᠡᠭᠴᠢ ᠬᠠᠹᠦ᠋ᠩᠭ᠎ᠠ᠃ ᠡᠭᠦᠨ ᠲᠠᠢ ᠵᠡᠷᠭᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠢᠩᠭᠠᠨ ᠮᠤᠵᠢ ᠶᠢᠨ ᠠᠵᠢᠯᠯᠠᠬᠤ ᠺᠤᠮᠢᠰ ᠢ ᠪᠠᠶᠢᠭᠤᠯᠪᠠ᠃ ᠱᠦᠵᠢ ᠨᠢ ᠵᠠᠩ ᠼᠧ᠂ ᠭᠡᠰᠢᠬᠦᠨ ᠨᠢ ᠬᠠᠹᠦ᠋ᠩᠭ᠎ᠠ᠂ ᠲᠡᠮᠤᠷᠪᠠᠭᠠᠨ᠎ᠠ᠂ ᠠᠰᠬᠠᠨ᠂  ᠹᠠᠩ ᡁᠢ ᠳ᠋ᠠ ᠪᠤᠯᠤᠨ᠎ᠠ᠃ ᠡᠭᠦᠨ ᠤ ᠲᠤᠳᠤᠷ᠎ᠠ ᠬᠠᠹᠦ᠋ᠩᠭ᠎ᠠ᠂ ᠲᠡᠮᠤᠷᠪᠠᠭᠠᠨ᠎ᠠ᠂ ᠠᠰᠬᠠᠨ ᠭᠤᠷᠪᠠᠨ ᠨᠦᠬᠦᠷ ᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠬᠦᠨ ᠪᠤᠯᠭᠠᠬᠤ ᠪᠠᠷ ᠲᠦᠪ ᠬᠤᠷᠢᠶ᠎ᠡ ᠠᠴᠠ ᠵᠦᠪᠰᠢᠶᠡᠷᠡᠵᠤ᠂ ᠪᠠᠷᠠᠭᠤᠨ ᠮᠠᠨᠵᠤ ᠶᠢᠨ ᠬᠤᠪᠢᠶᠠᠷᠢ ᠲᠤᠪᠴᠢᠶ᠎ᠠ ᠠᠴᠠ ᠲᠡᠳᠡᠨ ᠢ ᠬᠢᠩᠭᠠᠨ ᠮᠤᠵᠢ ᠶᠢᠨ ᠠᠵᠢᠯᠯᠠᠬᠤ ᠺᠤᠮᠢᠰ ᠲᠤ ᠡᠯᠰᠡᠬᠦ ᠪᠠᠷ ᠲᠤᠭᠳᠠᠭᠰᠠᠨ ᠪᠠᠶᠢᠨ᠎ᠠ᠃ ᠮᠤᠵᠢ ᠶᠢᠨ ᠠᠵᠢᠯᠯᠠᠬᠤ ᠺᠤᠮᠢᠰ ᠤᠨ ᠠᠵᠢᠯ ᠤᠨ ᠬᠤᠪᠢᠶᠠᠷᠢ ᠶᠢ ᠦᠨᠳᠤᠰᠤᠯᠡᠵᠤ᠂  ᠪᠢ ᠮᠤᠵᠢ ᠶᠢᠨ ᠵᠠᠰᠠᠭ ᠤᠨ ᠤᠷᠳᠤᠨ  ᠤ ᠡᠳᠤᠷ ᠲᠤᠳᠤᠮ ᠤᠨ ᠠᠵᠢᠯ᠂ ᠲᠡᠭᠡᠳᠤ ᠲᠠᠪᠬᠤᠷᠭ᠎ᠠ ᠶᠢᠨ ᠨᠢᠭᠡᠳᠤᠮᠠᠯ ᠹᠷᠤᠨᠲ ᠤᠨ ᠠᠵᠢᠯ ᠪᠠ ᠮᠤᠩᠭᠤᠯ ᠠᠷᠠᠳ ᠤᠨ ᠬᠤᠪᠢᠰᠬᠠᠯᠳᠤ᠂ ᠨᠠᠮ ᠤᠨ ︽ᠦᠨᠡᠨ ᠰᠤᠨᠢᠨ︾ ᠤ ᠰᠤᠷᠪᠤᠯᠵᠢᠯᠠᠭᠴᠢ ᠶᠢᠨ ᠬᠤᠪᠢ ᠪᠠᠷ ᠸᠠᠩ ᠤᠨ ᠰᠦᠮ᠎ᠠ ᠳᠤ ᠰᠠᠭᠤᠵᠤ ᠪᠠᠶᠢᠬᠤ ᠪᠠᠨᠼᠠᠷᠬᠠᠴᠢ ᠨᠦᠬᠦᠷ ᠲᠠᠢ ᠨᠦᠬᠦᠷᠰᠡᠭ ᠬᠠᠷᠢᠴᠠᠭ᠎ᠠ ᠠᠪᠬᠤ ᠠᠵᠢᠯ ᠢ ᠬᠠᠷᠢᠭᠤᠴᠠᠵᠤ ᠪᠠᠶᠢᠪᠠ᠃ ᠪᠠᠨᠼᠠᠷᠬᠠᠴᠢ ᠦᠨᠡᠨᠳᠡᠭᠡᠨ ᠲᠠᠩᠨᠠᠬᠤ ᠠᠵᠢᠯ ᠬᠢᠵᠤ ᠪᠠᠶᠢᠯ᠎ᠠ᠃ ᠲᠡᠭᠦᠨ ᠳᠤ ᠬᠡᠷᠬᠢᠨ ᠬᠠᠨᠳᠤᠬᠤ ᠪᠤᠢ︖ ᠭᠡᠵᠤ ᠪᠢ ᠹᠦ᠋ ᠴᠦᠨ ᠨᠦᠬᠦᠷ  ᠠᠴᠠ ᠵᠢᠭᠠᠪᠤᠷᠢ ᠠᠪᠬᠤ ᠳᠤ ᠹᠦ᠋ ᠴᠦᠨ ᠨᠦᠬᠦᠷ ᠤᠨ ᠬᠡᠯᠡᠭᠰᠡᠨ ᠨᠢ᠄ ︽ᠬᠠᠯᠬ᠎ᠠ ᠮᠤᠩᠭᠤᠯ ᠪᠤᠯ ᠠᠬ᠎ᠠ ᠲᠡᠬᠦᠤ ᠨᠠᠮ᠂ ᠨᠦᠬᠦᠷᠰᠡᠭ ᠤᠯᠤᠰ ᠲᠤᠯᠠ ᠵᠠᠯᠠᠵᠤ ᠶᠠᠪᠤᠭᠤᠯᠬᠤ ᠳᠤ ᠬᠦᠴᠢᠷᠳᠠᠢ᠃ ᠭᠡᠪᠡᠴᠤ ᠲᠡᠭᠦᠨ ᠳᠤ᠂ ᠲᠠᠩᠨᠠᠬᠤ ᠠᠵᠢᠯ ᠬᠢᠪᠡᠯ ᠭᠤᠮᠢᠨᠳᠠᠩ ᠤᠨ ᠬᠢ ᠶᠢ ᠤᠴᠢᠵᠤ ᠬᠢ᠂ ᠪᠢᠳᠡ ᠲᠦᠬᠦᠮ ᠦᠵᠡᠬᠦᠯᠤᠨ᠎ᠠ᠂ ᠭᠡᠳᠡᠯ᠎ᠡ ᠡᠪ  ᠬᠠᠮᠳᠤ ᠨᠠᠮ ᠤᠨ ᠬᠢᠨ ᠢ ᠬᠢᠵᠤ ᠪᠤᠯᠬᠤ ᠦᠭᠡᠢ᠃ ᠲᠡᠳᠡ ᠶᠠᠮᠠᠷ ᠪᠠᠶᠢᠳᠠᠯ ᠢ ᠬᠡᠷᠡᠭᠰᠡᠬᠦ ᠴᠢᠬᠤᠯᠠ ᠲᠠᠢ ᠪᠤᠯ ᠪᠢᠳᠡ ᠰᠠᠶᠢᠨ ᠲᠤᠷ᠎ᠠ ᠠᠴᠠ ᠪᠠᠨ ᠬᠠᠪᠰᠤᠷᠴᠤ ᠬᠠᠩᠭᠠᠨ᠎ᠠ ᠭᠡᠵᠤ ᠬᠡᠯᠡᠵᠤ ᠦᠭᠬᠦᠭᠡᠷᠡᠢ︾ ᠭᠡᠪᠡ᠃ ᠲᠡᠭᠡᠭᠡᠳ ᠪᠢ ᠬᠠᠹᠦ᠋ᠩᠭ᠎ᠠ ᠨᠦᠬᠦᠷ ᠢᠶᠠᠷ ᠲᠠᠮᠵᠢᠵᠤ ᠲᠡᠭᠡᠷᠡᠬᠢ ᠵᠢᠭᠠᠪᠤᠷᠢ ᠶᠢ ᠤᠯᠠᠮᠵᠢᠯᠠᠪᠠ᠃ ᠰᠡᠬᠦᠯᠡᠷ ᠨᠢ ᠪᠠᠨᠼᠠᠷᠬᠠᠴᠢ ᠬᠦᠮᠤᠨ ᠲᠤᠮᠢᠯᠠᠵᠤ ᠴᠠᠩᠴᠦ᠋ᠨ ᠢᠶᠠᠷ ᠲᠠᠮᠵᠢᠵᠤ ᠪᠡᠭᠡᠵᠢᠩ ᠳᠤ ᠤᠴᠢᠪᠠ︔ ᠪᠢ ᠲᠡᠬᠦᠨ ᠳᠤ ︽ᠵᠠᠮ ᠤᠨ ᠪᠠᠳᠤᠯᠠᠪᠤᠷᠢ︾ ︵ᠴᠢᠯᠦᠭᠡᠯᠡᠬᠦ ᠤᠷᠤᠨ ᠢᠶᠠᠷ ᠶᠠᠪᠤᠵᠤ ᠪᠤᠯᠬᠤ ᠭᠡᠷᠡᠴᠢ ᠪᠠᠷᠢᠮᠳᠠ︶ ᠦᠭᠴᠠᠢ᠃      ᠡ᠊ᠨᠳᠡ ᠮᠤᠩᠭᠤᠯ ᠵᠠᠯᠠᠭᠤᠴᠤᠳ᠂ ᠰᠡᠭᠡᠭᠡᠳᠡᠨ᠂ ᠰᠡᠭᠡᠭᠡᠷᠡᠭᠰᠡᠨ ᠬᠦᠮᠤᠰ ᠡᠨᠡᠬᠦ ᠪᠤᠳᠤᠯᠢᠶᠠᠨᠳᠠᠢ ᠲᠡᠮᠡᠴᠡᠯ ᠤᠨ ᠲᠤᠮᠳᠠᠬᠢ ᠴᠢᠬᠤᠯᠠ ᠤᠶᠢᠯᠡᠳᠤᠯ ᠢ ᠤᠨᠴᠤᠭᠤᠶᠢᠯᠠᠨ ᠲᠤᠳᠤᠷᠬᠠᠶᠢᠯᠠᠬᠤ ᠴᠢᠬᠤᠯᠠᠳᠠᠢ᠃ ᠲᠡᠳᠡ ᠬᠡᠳᠤᠶᠢᠪᠡᠷ ᠠᠳᠠᠯᠢ ᠪᠤᠰᠤ ᠭᠠᠷᠤᠯ ᠲᠠᠢ᠂ ᠡᠯ᠎ᠡ ᠵᠤᠶᠢᠯ ᠤᠨ ᠦᠩᠭᠡᠷᠡᠯᠳᠡ ᠲᠠᠢ ᠪᠤᠯᠪᠠᠴᠤ᠂ ᠠᠮᠧᠷᠢᠺᠠ ᠶᠢᠨ ᠡᠵᠡᠷᠭᠡᠭ ᠲᠦᠷᠢᠮᠡᠭᠡᠶᠢᠳᠡᠨ ᠤ ᠲᠡᠮᠵᠢᠯᠭᠡ ᠲᠤᠤᠷᠠᠬᠢ ᠭᠤᠮᠢᠨᠳᠠᠩ ᠤᠨ ᠲᠡᠷᠰᠯᠡᠬᠦᠴᠤᠳ ᠤᠨ ᠭᠠᠯᠵᠠᠭᠤᠷᠠᠭᠰᠠᠨ ᠮᠡᠳᠤ ᠴᠡᠷᠢᠭ ᠤᠨ ᠲᠠᠭᠠᠷᠢᠯᠳᠠ ᠶᠢᠨ ᠲᠤᠤᠷ᠎ᠠ᠂ ᠡᠪ ᠬᠠᠮᠳᠤ ᠨᠠᠮ ᠢ ᠲᠠᠭᠠᠵᠤ᠂ ᠤᠨᠴᠤᠭᠤᠶᠢᠯᠠᠨ ᠵᠤᠩᠬᠢᠯᠠᠬᠤ ᠤᠯᠠᠨ ᠲᠤᠭᠠᠨ ᠤ ᠮᠤᠩᠭᠤᠯ ᠲᠠᠪᠰᠢᠩᠭᠤᠢ ᠵᠠᠯᠠᠭᠤᠴᠤᠳ ᠪᠠᠳᠤ ᠴᠢᠩᠭ᠎ᠠ ᠬᠤᠪᠢᠰᠬᠠᠯ ᠤᠨ ᠤᠪᠤᠷ ᠲᠠᠢ᠂ ᠡᠪ ᠬᠠᠮᠳᠤ ᠨᠠᠮ ᠤᠨ ᠦᠭᠡ ᠶᠢ ᠰᠤᠨᠤᠰᠤᠨ᠎ᠠ᠂ ᠴᠢᠨᠠᠭᠰᠢᠯᠠᠪᠠᠯ ᠵᠠᠷᠢᠮ ᠨᠢ ᠲᠠᠶᠢᠨ ᠪᠠᠶᠢᠯᠳᠤᠭᠠᠨ ᠤ ᠲᠤᠮᠳᠠ ᠦᠪᠡᠷ ᠤᠨ ᠠᠮᠢ ᠨᠠᠰᠤ ᠪᠠᠨ ᠵᠤᠷᠢᠭᠤᠯᠤᠭᠰᠠᠨ ᠪᠠᠶᠢᠨ᠎ᠠ᠃ ︵ ᠵᠢᠱᠢᠶᠡᠯᠡᠪᠡᠯ ᠦᠷᠡᠭᠳᠡᠭᠰᠡᠨ ᠪᠠᠭᠠᠳᠤᠷ ᠰᠢᠯᠢᠳᠡᠭ ᠬᠤᠪᠢᠰᠬᠠᠯᠴᠢ ᠵᠠᠯᠠᠭᠤ ᠵᠢᠢ ᠶᠢᠨ ᠲᠤᠤ︶  ᠃ ᠡᠨᠡᠬᠦ ᠬᠤᠪᠢᠰᠬᠠᠯᠳᠤ ᠵᠤᠷᠢᠭ ᠰᠠᠨᠠᠭ᠎ᠠ ᠪᠠ ᠭᠠᠪᠢᠶ᠎ᠠ ᠵᠢᠳᠬᠦᠯ ᠢ ᠮᠠᠭᠠᠳᠯᠠᠬᠤ ᠬᠡᠷᠡᠭᠳᠡᠢ᠃      ᠬᠢᠩᠭᠠᠨ ᠮᠤᠵᠢ ᠳᠤ ᠬᠠᠷᠢᠶᠠᠯᠠᠭᠳᠠᠬᠤ ᠨᠢ᠄ ᠬᠢᠩᠭᠠᠨ᠂ ᠵᠢᠷᠢᠮ᠂ ᠨᠤᠨᠮᠦ᠋ᠷᠡᠨ᠂ ᠬᠦᠯᠤᠨ ᠪᠤᠶᠢᠷ ᠵᠡᠷᠭᠡ ᠲᠦᠷᠪᠡᠨ ᠠᠶᠢᠮᠠᠭ ᠪᠤᠢ᠃  ᠲᠤᠬᠠᠢ ᠶᠢᠨ ᠦᠶ᠎ᠡ ᠳᠤ ᠵᠢᠶᠠᠩ ᠵᠢᠶᠧ ᠱᠢ ᠲᠤᠳᠤᠭᠠᠳᠤ ᠶᠢᠨ ᠲᠠᠶᠢᠨ ᠢ ᠶᠡᠬᠡᠪᠡᠷ ᠦᠳᠤᠭᠡᠵᠤ ᠪᠠᠶᠢᠭᠰᠠᠨ ᠪᠤᠯᠬᠤᠷ᠂ ᠲᠠᠶᠢᠨ ᠤ ᠭᠠᠯ ᠵᠡᠭᠦᠨ ᠮᠤᠩᠭᠤᠯ ᠤᠨ ᠡᠮᠤᠨᠡᠳᠤ ᠭᠡᠰᠡᠭ ᠲᠤ ᠬᠦᠷᠴᠤ᠂ ᠮᠠᠨ ᠤ ᠵᠡᠭᠦᠨ ᠬᠤᠶᠢᠳᠤ ᠶᠢᠨ ᠠᠷᠠᠳᠴᠢᠯᠠᠭᠰᠠᠨ ᠬᠤᠯᠪᠤᠭᠠᠳᠤ ᠴᠡᠷᠢᠭ ᠤᠨ ᠴᠢᠯᠦᠭᠡᠯᠡᠬᠦ ᠲᠠᠶᠢᠨ ᠢ ᠲᠡᠮᠵᠢᠬᠦ ᠶᠢᠨ ᠲᠦᠯᠦᠭᠡ᠂ ᠵᠢᠷᠢᠮ ᠠᠶᠢᠮᠠᠭ ᠪᠠ ᠬᠢᠩᠭᠠᠨ ᠠᠶᠢᠮᠠᠭ ᠤᠨ ᠲᠦᠴᠢᠤᠸᠠᠨ ᠰᠢᠶᠠᠨ᠂  ᠭᠤᠤᠯ ᠤᠨ ᠪᠠᠶᠢᠰᠢᠩ ︵ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ︶ ᠶᠢ ᠲᠦᠷ ᠯᠢᠶᠤᠤ ᠪᠸᠢ ᠮᠤᠵᠢ ᠪᠠᠷ ᠤᠷᠤᠯᠠᠨ ᠬᠠᠮᠢᠶᠠᠷᠤᠭᠤᠯᠪᠠ᠂ ᠭᠡᠪᠡᠴᠤ ᠡᠨᠡ ᠭᠠᠵᠠᠷ ᠤᠨ ᠤᠳᠤᠷᠢᠳᠤᠯᠭ᠎ᠠ ᠵᠢᠱᠢᠶᠡᠯᠡᠪᠡᠯ ᠵᠤᠤ ᠱᠢ ᠨᠦᠬᠦᠷ ︵ᠵᠢᠷᠢᠮ ᠤᠨ︶ ᠵᠠᠩ ᠸᠧᠢ ᠵᠧᠨ ᠨᠦᠬᠦᠷ ︵ᠲᠦᠴᠢᠤᠸᠠᠨ ᠤ︶᠂ ᠰᠢᠤᠢ ᠢ ᠰᠢᠩ ︵ ᠭᠤᠤᠯ ᠤᠨ ᠪᠠᠶᠢᠰᠢᠩ︶ ᠵᠡᠷᠭᠡ ᠨᠦᠬᠦᠷ ᠦᠷᠬᠦᠯᠵᠢ ᠸᠠᠩ ᠤᠨ ᠰᠦᠮ᠎ᠡ ᠳᠤ ᠢᠷᠡᠵᠤ ᠠᠵᠢᠯ ᠢᠶᠠᠨ ᠬᠠᠷᠢᠭᠤ ᠮᠡᠳᠡᠬᠦᠯᠵᠤ ᠵᠢᠭᠠᠪᠤᠷᠢ ᠠᠪᠳᠠᠭ᠂ ᠬᠠᠷᠢᠨ ᠬᠤ᠋ ᠽᠢ ᠱᠸᠤ᠂ ᠰᠦᠩ ᠵᠧᠨ ᠳ᠋ᠢᠩ᠂ ᠯᠢ ᠵᠢᠤᠢ ︵ᠡᠮᠡᠭᠳᠡᠢ︶ ᠵᠡᠷᠭᠡ ᠨᠦᠬᠦᠷ ᠬᠤᠶᠢᠨ᠎ᠠ ᠬᠤᠶᠢᠨ᠎ᠠ  ᠠᠴᠠ ᠪᠠᠨ ᠬᠢᠩᠭᠠᠨ ᠮᠤᠵᠢ ᠳᠤ ᠰᠢᠯᠵᠢᠨ ᠢᠷᠡᠵᠠᠢ᠃      ᠲᠤᠬᠠᠢ ᠶᠢᠨ ᠦᠶ᠎ᠡ ᠳᠤ᠂ ᠵᠡᠷᠭᠡᠯᠡᠳᠡᠭᠡ ᠬᠢᠷᠢᠨ ᠮᠤᠵᠢ ᠪᠠ ᠬᠠᠷᠠᠮᠦ᠋ᠷᠡᠨ ᠮᠤᠵᠢ ᠶᠢᠨ ᠪᠠᠷᠠᠭᠤᠨᠳᠠᠬᠢ ᠭᠤᠷᠯᠤᠰ ᠤᠨ ᠡᠮᠤᠨᠡᠳᠤ ᠬᠤᠰᠢᠭᠤ᠂ ᠭᠤᠷᠯᠤᠰ ᠤᠨ ᠬᠤᠶᠢᠳᠤ ᠬᠤᠰᠢᠭᠤ᠂ ᠲᠦᠷᠪᠡᠳ ᠬᠤᠰᠢᠭᠤ᠂ ᠶᠠᠬᠡᠮᠢᠩᠭᠠᠨ ᠬᠤᠰᠢᠭᠤ ᠶᠢ ︵ᠬᠢᠩᠭᠠᠨ ᠤ︶ ᠭᠠᠳᠠᠨᠠᠬᠢ ᠲᠦᠷᠪᠡᠨ ᠬᠤᠰᠢᠭᠤ ᠭᠡᠵᠤ ᠪᠠᠶᠢᠪᠠ᠃ ᠡᠨᠡ ᠲᠦᠷᠪᠡᠨ ᠬᠤᠰᠢᠭᠤ ᠬᠡᠳᠤᠶᠢᠪᠡᠷ ᠬᠢᠷᠢᠨ᠂ ᠬᠠᠷᠠᠮᠦ᠋ᠷᠡᠨ ᠮᠤᠵᠢ ᠳᠤ ᠬᠤᠪᠢᠶᠠᠭᠳᠠᠨ ᠵᠠᠬᠢᠷᠤᠭᠳᠠᠵᠤ ᠪᠠᠶᠢᠪᠠᠴᠤ ᠬᠢᠩᠭᠠᠨ ᠮᠤᠵᠢ ᠲᠠᠢ ᠨᠢᠭᠳᠠ ᠬᠠᠷᠢᠴᠠᠭ᠎ᠠ ᠲᠠᠢ︔ ᠤᠨᠴᠤᠭᠤᠶᠢᠯᠠᠨ ᠮᠤᠩᠭᠤᠯ ᠦᠨᠳᠤᠰᠤᠳᠡᠨ ᠤ ᠺᠠᠳ᠋ᠷ ᠢ ᠬᠦᠮᠤᠵᠢᠬᠦᠯᠬᠦ ᠪᠠ ᠰᠤᠯᠢᠯᠴᠠᠬᠤ ᠲᠠᠯ᠎ᠠ ᠪᠠᠷ ᠲᠠᠰᠤᠷᠠᠯᠳᠠ ᠦᠭᠡᠢ ᠶᠠᠪᠤᠯᠴᠠᠳᠠᠭ᠃ ᠲᠡᠭᠦᠨ ᠤ ᠲᠤᠳᠤᠷ᠎ᠠ ᠤᠨᠴᠤᠭᠤᠶᠢᠯᠠᠨ ᠭᠤᠷᠯᠤᠰ ᠤᠨ ᠡᠮᠤᠨᠡᠳᠤ ᠬᠤᠰᠢᠭᠤᠨ ᠤ ᠮᠤᠩᠭᠤᠯ ᠺᠠᠳ᠋ᠷ ᠸᠠᠩ ᠤᠨ ᠰᠦᠮ᠎ᠡ ᠳᠤ ᠢᠷᠡᠵᠤ ᠠᠵᠢᠯ ᠳᠤ ᠬᠠᠷᠢᠭᠤᠴᠠᠭᠰᠠᠨ ᠨᠢ ᠬᠠᠮᠤᠭ ᠠᠴᠠ ᠤᠯᠠᠨ᠂ ᠵᠢᠱᠢᠶᠡᠯᠡᠪᠡᠯ ᠪᠠᠳᠤ᠂ ᠰᠦᠨ ᠳ᠋ᠢᠶᠠᠨ ᠵᠦᠩ ᠂ ᠭᠤᠮᠪᠤᠵᠠᠪ ᠵᠡᠷᠭᠡ ᠨᠦᠬᠦᠳ ᠪᠤᠢ᠃ ᠬᠠᠷᠠᠮᠦ᠋ᠷᠡᠨ ᠮᠤᠵᠢ ᠵᠢᠴᠢ ᠲᠡᠭᠦᠨ ᠤ ᠤᠷᠢᠳᠤᠬᠢ ᠨᠤᠨᠮᠦ᠋ᠷᠡᠨ ᠮᠤᠵᠢ 1945 ᠤᠨ  ᠤ ᠡᠪᠤᠯ ᠠᠴᠠ ᠡᠬᠢᠯᠡᠵᠤ᠂ ᠬᠦᠯᠤᠨ ᠪᠤᠶᠢᠷ᠂ ᠨᠤᠨᠮᠦ᠋ᠷᠡᠨ ᠠᠶᠢᠮᠠᠭ ᠢ ᠲᠡᠮᠵᠢᠭᠰᠡᠨ ᠠᠵᠢᠯ ᠢ ᠪᠠᠭ᠎ᠠ ᠪᠤᠰᠤ ᠬᠢᠵᠡᠢ᠃      1946 ᠤᠨ ᠤ 6 ᠰᠠᠷ᠎ᠠ ᠳᠤ᠂ ᠭᠤᠮᠢᠨᠳᠠᠩ ᠤᠨ ᠲᠡᠷᠰᠯᠡᠬᠦᠴᠤᠳ ᠵᠧᠩ ᠵᠢᠶᠠ ᠲᠦᠨ ᠢ ᠡᠵᠡᠯᠡᠭᠰᠡᠨ ᠤ ᠰᠡᠬᠦᠯᠡᠷ ᠂ ᠲᠡᠮᠤᠷ ᠵᠠᠮ ᠲᠠᠭᠠᠤ ᠲᠡᠭᠡᠭᠰᠢᠯᠡᠵᠤ ᠪᠤᠤ ᠺᠠᠩ ᠢ ᠲᠤᠪᠳᠤᠯᠪᠠ᠃ ᠮᠠᠨ ᠤ ᠬᠢᠩᠭᠠᠨ ᠮᠤᠵᠢ ᠶᠢᠨ ᠴᠡᠷᠢᠭ ᠤᠨ ᠲᠤᠭᠤᠷᠢᠭ  ᠤᠨ ᠬᠤᠶᠠᠳᠤᠭᠠᠷ ᠳ᠋ᠢᠸᠢᠽᠢ ︵ ᠳ᠋ᠢᠸᠢᠽᠢ ᠶᠢᠨ ᠲᠠᠷᠤᠭ᠎ᠠ ᠨᠢ ᠨᠠᠴᠢᠨᠱᠤᠩᠬᠤᠷ ᠬᠤᠵᠢᠮ ᠨᠢ ᠸᠠᠩ ᠬᠠᠢ ᠹᠧᠩ ᠲᠠᠷᠤᠢ ᠪᠠᠶᠠᠨᠪᠤᠯᠠᠭ︔ ᠤᠯᠤᠰ ᠲᠦᠷᠤ ᠶᠢᠨ ᠭᠡᠰᠢᠬᠦᠨ ᠨᠢ ᠤᠷᠢᠳᠠ ᠪᠠᠷ ᠵᠤᠤ ᠱᠢ᠂ ᠰᠡᠬᠦᠯᠡᠷ ᠬᠤ᠋ ᠪᠢᠩ ᠴᠢᠤᠸᠠᠨ ᠪᠤᠯᠪᠠ︶ ᠵᠢᠷᠢᠮ ᠤᠨ ᠡᠮᠤᠨᠡᠳᠤ ᠹᠷᠤᠨᠲ ᠲᠤ ᠲᠠᠶᠢᠯᠠᠯᠳᠤᠪᠠ᠃ ᠨᠢᠭᠡᠳᠤᠭᠡᠷ ᠳ᠋ᠢᠸᠢᠽᠢ ︵ᠳ᠋ᠢᠸᠢᠽᠢ ᠶᠢᠨ ᠲᠠᠷᠤᠭ᠎ᠠ ᠸᠠᠩ ᠬᠠᠢ ᠱᠠᠨ᠂ ᠤᠯᠤᠰ ᠲᠦᠷᠤ ᠶᠢᠨ ᠭᠡᠰᠢᠬᠦᠨ ᠨᠢ ᠤᠷᠢᠳᠠᠪᠡᠷ ᠬᠤ᠋ ᠪᠢᠩ ᠴᠢᠤᠸᠠᠨ᠂ ᠰᠡᠬᠦᠯ ᠳᠤ ᠬᠤ᠋ ᠵᠤᠤ ᠡᠾᠧᠩ ᠬᠠᠪᠰᠤᠷᠭᠠᠨ ᠬᠠᠷᠢᠭᠤᠴᠠᠪᠠ︶ ᠬᠢᠩᠭᠠᠨ ᠠᠶᠢᠮᠠᠭ ᠲᠤ ᠲᠠᠶᠢᠰᠤᠨ ᠢ ᠤᠭᠳᠤᠨ ᠪᠠᠶᠢᠯᠳᠤᠬᠤ ᠪᠠᠷ ᠪᠡᠯᠡᠳᠭᠡᠪᠡ᠃ ᠪᠠᠷᠠᠭᠤᠨ ᠮᠠᠨᠵᠤ ᠶᠢᠨ ᠬᠤᠪᠢᠶᠠᠷᠢ ᠲᠤᠪᠴᠢᠶ᠎ᠠ ᠵᠢᠭᠠᠪᠤᠷᠢ ᠦᠭᠴᠤ᠂ ᠬᠢᠩᠭᠠᠨ ᠮᠤᠵᠢ ᠶᠢᠨ ᠵᠠᠰᠠᠭ ᠤᠨ ᠤᠷᠳᠤᠨ ᠤ ᠠᠮᠤᠷ ᠢ  ᠪᠠᠳᠤᠳᠠᠢ ᠬᠠᠮᠠᠭᠠᠯᠠᠬᠤ ᠶᠢᠨ ᠲᠦᠯᠦᠭᠡ ᠪᠢᠳᠡᠨ ᠢ ᠶᠡᠭᠡ ᠠᠷᠤ ᠲᠠᠯ᠎ᠠ ᠬᠦᠯᠤᠨ ᠪᠤᠶᠢᠷ ᠤᠨ ᠬᠠᠶᠢᠯᠠᠷ ᠬᠤᠳᠠ ᠳᠤ ᠤᠬᠤᠷᠢᠨ ᠤᠴᠢᠭᠤᠯᠪᠠ᠃ ᠲᠡᠭᠡᠭᠡᠳ ᠮᠤᠵᠢ ᠶᠢᠨ ᠵᠠᠰᠠᠭ ᠤᠨ ᠤᠷᠳᠤᠨ ᠢ ᠲᠡᠷᠢᠭᠦᠯᠡᠭᠴᠢ ᠲᠡᠮᠤᠷᠪᠠᠭᠠᠨ᠎ᠠ ᠪᠤᠯᠤᠨ ᠪᠢ ᠬᠠᠷᠢᠭᠤᠴᠠᠵᠤ᠂ ᠲᠤᠰᠬᠠᠢ ᠨᠢᠭᠡ ᠴᠤᠪᠤᠭ᠎ᠠ ᠭᠠᠯᠳᠤ ᠲᠡᠷᠭᠡ ᠪᠠᠷ 6 ᠰᠠᠷ᠎ᠠ ᠶᠢᠨ 21   ᠤ ᠡᠳᠤᠷ ᠮᠤᠷᠳᠠᠵᠤ᠂ ᠮᠤᠵᠢ ᠶᠢᠨ ᠵᠠᠰᠠᠭ ᠤᠨ ᠤᠷᠳᠤᠨ ᠤ ᠺᠠᠳ᠋ᠷ ᠵᠢᠴᠢ ᠭᠡᠷ ᠪᠦᠯᠢ ᠶᠢ ᠬᠠᠶᠢᠯᠠᠷ ᠲᠤ ᠤᠬᠤᠷᠢᠭᠤᠯᠤᠨ ᠠᠪᠠᠴᠢᠪᠠ᠃ ᠵᠠᠩ ᠼᠧ᠂ ᠬᠠᠹᠦ᠋ᠩᠭ᠎ᠠ᠂ ᠠᠰᠬᠠᠨ᠂ ᠬᠤ᠋ ᠵᠤᠤ ᠡᠾᠧᠩ ᠵᠡᠷᠭᠡ ᠤᠳᠤᠷᠢᠳᠤᠯᠭ᠎ᠠ ᠨᠦᠬᠦᠷ ᠵᠢᠴᠢ ᠤᠯᠠᠩᠭᠢ ᠵᠠᠯᠠᠭᠤᠴᠤᠳ ᠸᠠᠩ ᠤᠨ ᠰᠦᠮ᠎ᠡ ᠳᠤ ᠪᠠᠶᠢᠯᠳᠤᠬᠤ  ᠪᠠᠷ ᠪᠡᠯᠡᠳᠭᠡᠪᠡ᠃      ᠰᠢᠨ᠎ᠡ ᠪᠠᠶᠢᠳᠠᠯ ᠳᠤ ᠲᠤᠬᠢᠷᠠᠭᠤᠯᠬᠤ ᠶᠢᠨ ᠲᠦᠯᠦᠭᠡ᠂ ᠪᠠᠷᠠᠭᠤᠨ ᠮᠠᠨᠵᠤ ᠶᠢᠨ ᠬᠤᠪᠢᠶᠠᠷᠢ ᠲᠤᠪᠴᠢᠶ᠎ᠠ ᠬᠢᠩᠭᠠᠨ ᠮᠤᠵᠢ ᠶᠢᠨ ᠠᠵᠢᠯᠯᠠᠬᠤ  ᠺᠤᠮᠢᠰ ᠤᠨ ᠬᠤᠪᠢᠶᠠᠷᠢ ᠺᠤᠮᠢᠰ ᠪᠠᠶᠢᠭᠤᠯᠵᠤ᠂ ᠮᠤᠵᠢ ᠶᠢᠨ ᠵᠠᠰᠠᠭ ᠤᠨ ᠤᠷᠳᠤᠨ ᠪᠠ ᠤᠮᠠᠷᠳᠤ ᠬᠤᠶᠠᠷ ᠠᠶᠢᠮᠠᠭ ᠤᠨ ᠠᠵᠢᠯ ᠢ ᠤᠳᠤᠷᠢᠳᠴᠤ ᠬᠤᠪᠢᠶᠠᠷᠢ ᠺᠤᠮᠢᠰ ᠤᠨ ᠱᠦᠵᠢ ᠲᠡᠮᠤᠷᠪᠠᠭᠠᠨ᠎ᠠ ᠶᠢ ᠪᠢ ᠬᠠᠪᠰᠤᠷᠴᠤ ᠠᠵᠢᠯᠯᠠᠬᠤ ᠪᠠᠷ ᠲᠤᠭᠳᠠᠪᠠ᠃ ᠭᠡᠰᠢᠬᠦᠨ ᠨᠢ ᠬᠠᠶᠢᠯᠠᠷ ᠬᠤᠳᠠ ᠶᠢᠨ ᠲᠠᠷᠤᠭ᠎ᠠ ᠰᠦᠯᠢᠨ᠂ ᠪᠢᠨᠵᠸᠤ ᠵᠠᠮ ︵ᠴᠢᠴᠢᠬᠠᠷ ᠠᠴᠠ ᠮᠠᠨᠵᠤᠤᠷ ᠬᠦᠷᠬᠦ︶ ᠤᠨ ᠲᠡᠮᠤᠷ ᠵᠠᠮ ᠤᠨ ᠰᠡᠷᠭᠡᠶᠢᠯᠡᠨ ᠬᠠᠮᠠᠭᠠᠯᠠᠬᠤ ᠯᠢᠤᠢ ᠶᠢᠨ ᠲᠠᠷᠤᠭ᠎ᠠ ᠸᠠᠩ ᠬᠤᠸᠠ ᠢ᠂ ᠨᠤᠨᠮᠦ᠋ᠷᠡᠨ ᠠᠶᠢᠮᠠᠭ ᠤᠨ ᠠᠵᠢᠯᠯᠠᠬᠤ ᠺᠤᠮᠢᠰ ᠤᠨ ᠱᠦᠵᠢ ᠰᠢᠶᠠ ᠫᠦ᠋ ᠿᠧᠨ᠂ ᠮᠤᠵᠢ ᠶᠢᠨ ᠡᠳ᠋ ᠤᠨ ᠵᠠᠰᠠᠭ ᠤᠨ ᠲᠢᠩᠬᠢᠮ ᠤᠨ ᠲᠠᠷᠤᠭ᠎ᠠ ᠵᠢᠶᠠ ᠱᠢ ᠵᠡᠷᠭᠡ ᠨᠦᠬᠦᠷ ᠪᠤᠯᠤᠨ᠎ᠠ᠃                          ︵ᠦᠷᠬᠦᠯᠵᠢᠯᠡᠯ ᠪᠤᠢ︶  
 
ᠢᠷᠡᠯᠲᠡ᠄ ᠬᠢᠩᠭᠠᠨ ᠤ ᠬᠤᠪᠢᠰᠬᠠᠯᠳᠤ ᠲᠡᠤᠭᠡᠨ ᠶᠠᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号