ᠠᠶᠤᠯᠬᠦᠢ ᠤᠶᠢᠯᠡᠳᠪᠤᠷᠢᠯᠠᠯ ᠤᠨ ᠠᠮᠤᠷ ᠲᠦᠪᠰᠢᠨ ᠤ ᠪᠤᠭᠤᠮᠳᠠ ᠶᠢ ᠴᠢᠩᠭ᠎ᠠ ᠰᠠᠬᠢᠭ᠎ᠠ ᠤᠯᠠᠭᠠᠨᠬᠤᠳᠠ
ᠨᠡᠶᠢᠲᠡᠯᠡᠭᠰᠡᠨ ᠴᠠᠭ᠄
2024/3/11
  3 ᠰᠠᠷ᠎ᠠ ᠶᠢᠨ 8 ᠤ ᠡᠳᠦᠷ᠂ ᠤᠯᠠᠭᠠᠨᠬᠤᠲᠠ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠵᠠᠰᠠᠨ ᠴᠡᠭᠴᠡᠯᠡᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ︽ᠬᠠᠯᠬᠠᠪᠴᠢ ᠬᠡᠷᠡᠮ︾ ᠢ ᠪᠥᠬᠦ ᠬᠦᠴᠦᠨ ᠢᠶᠠᠷ ᠢᠶᠠᠨ ᠪᠠᠳᠤᠳᠬᠠᠵᠤ᠂ ︽ᠠᠮᠤᠷ ᠲᠦᠪᠰᠢᠨ ᠤ ᠲᠣᠣᠷ︾ ᠢ ᠪᠠᠲᠤ ᠰᠠᠬᠢᠪᠠ᠃         ᠪᠠᠶᠢᠴᠠᠭᠠᠬᠤ ᠠᠵᠢᠯᠲᠠᠳ ᠳᠤᠮᠳᠠᠳᠤ ᠤᠯᠤᠰ ᠤᠨ ᠴᠢᠯᠠᠭᠤᠨ ᠲᠣᠰᠣᠨ ᠤ ᠤᠯᠠᠭᠠᠨᠬᠤᠳᠠ ᠳᠠᠬᠢ ᠲᠣᠰᠣ ᠨᠡᠮᠡᠬᠦ ᠥᠷᠲᠡᠭᠡ ᠪᠠᠷ ᠬᠦᠷᠴᠦ᠂ ᠡᠬᠡ ᠲᠠᠩᠰᠠ ᠶᠢ ᠤᠷᠪᠠᠭᠤᠯᠤᠨ ᠦᠵᠡᠬᠦ᠂ ᠲᠤᠬᠠᠢ ᠶᠢᠨ ᠲᠠᠯᠠᠪᠤᠷ ᠲᠤ ᠠᠵᠢᠯᠯᠠᠵᠤ ᠪᠠᠶᠢᠭ᠎ᠠ  ᠠᠵᠢᠯᠳᠠᠨ ᠠᠴᠠ ᠠᠰᠠᠭᠤᠯᠲᠠ ᠠᠰᠠᠭᠤᠬᠤ ᠵᠡᠷᠭᠡ ᠠᠷᠭ᠎ᠠ ᠪᠠᠷ ᠳᠠᠮᠵᠢᠭᠤᠯᠤᠨ᠂ ᠲᠣᠰᠣ ᠨᠡᠮᠡᠬᠦ ᠥᠷᠲᠡᠭᠡ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠬᠢᠨᠠᠨ ᠰᠢᠯᠭᠠᠯᠲᠠ ᠵᠡᠷᠭᠡ ᠲᠠᠯ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠥᠭᠡᠳ ᠲᠣᠰᠣ ᠨᠡᠮᠡᠬᠦ ᠥᠷᠲᠡᠭᠡ ᠶᠢᠨ ᠳᠣᠲᠣᠷᠠᠬᠢ ᠭᠠᠯ  ᠰᠡᠷᠭᠡᠶᠢᠯᠡᠵᠤ ᠤᠨᠲᠠᠷᠠᠭᠠᠬᠤ ᠪᠠᠭᠠᠵᠢ ᠬᠡᠷᠡᠭᠰᠡᠯ᠂ ᠴᠠᠬᠢᠯᠭᠠᠨ ᠲᠦᠭᠡᠭᠡᠬᠦ ᠲᠠᠰᠤᠭ ᠵᠡᠷᠭᠡ ᠲᠥᠬᠦᠭᠡᠷᠦᠮᠵᠢ ᠳᠤ ᠨᠠᠷᠢᠨ ᠨᠢᠭᠲᠠ ᠪᠠᠶᠢᠴᠠᠭᠠᠯᠲᠠ ᠬᠢᠭᠰᠡᠨ ᠪᠠᠶᠢᠨ᠎ᠠ᠃         ︽ ᠪᠢᠳᠠ ᠬᠢᠨᠠᠯᠲᠠ ᠲᠠᠯᠪᠢᠯᠳᠠ ᠪᠠᠨ ᠤᠯᠠᠮ ᠴᠢᠩᠭᠠᠳᠬᠠᠵᠤ᠂ ᠬᠠᠷᠢᠭᠤᠴᠠᠯᠭ᠎ᠠ ᠪᠠᠨ ᠪᠠᠲᠤᠳᠬᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠰᠠᠭᠤᠭᠠᠯᠢ ᠠᠷᠠᠳ ᠲᠤ ᠠᠮᠤᠷ ᠲᠣᠭᠲᠠᠭᠤᠨ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ︾ ᠭᠡᠵᠤ ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯᠲᠠᠢ ᠬᠢᠮᠢ ᠶᠢᠨ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠵᠣᠣ ᡁᠢ ᠭᠠᠩ ᠢᠩᠭᠢᠵᠦ ᠬᠡᠯᠡᠵᠡᠢ᠃    ᠠᠮᠤᠷ ᠲᠦᠪᠰᠢᠨ ᠤ ᠡ᠊ᠨᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂  ᠬᠤᠳᠠ ᠶᠢᠨ ᠱᠧᠩᠯᠢ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠳ ᠰᠠᠭᠤᠭᠠᠯᠢ ᠠᠷᠠᠳ ᠤᠨ ᠳᠡᠷᠭᠡᠳᠡ ᠢᠷᠡᠵᠦ᠂ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠬᠡᠯᠪᠡᠷᠢ ᠪᠠᠷ ᠬᠤᠳᠠᠯᠳᠤᠭᠠᠴᠢᠨ ᠡᠷᠦᠬᠡ ᠪᠣᠯᠣᠨ ᠰᠠᠭᠤᠭᠠᠯᠢ ᠠᠷᠠᠳ ᠲᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠤᠬᠠᠭᠤᠯᠬᠤ ᠶᠢᠨ ᠬᠠᠮᠲᠤ ᠲᠤᠬᠠᠢ ᠶᠢᠨ ᠭᠠᠵᠠᠷ ᠲᠤᠨᠢ ᠭᠠᠯ ᠤᠨᠲᠠᠷᠠᠭᠠᠭᠤᠷ ᠢ ᠵᠥᠪ ᠬᠡᠷᠡᠭᠯᠡᠬᠦ ᠠᠷᠭ᠎ᠠ ᠶᠢ ᠲᠠᠶᠢᠯᠪᠤᠷᠢᠯᠠᠨ ᠦᠭᠴᠤ᠂ ᠰᠠᠭᠤᠭᠠᠯᠢ ᠠᠷᠠᠳ ᠲᠤ ᠭᠠᠯ ᠬᠡᠷᠡᠭᠯᠡᠬᠦ᠂ ᠬᠡᠢ ᠬᠡᠷᠡᠭᠯᠡᠬᠦ᠂ ᠴᠠᠬᠢᠯᠭᠠᠨ ᠬᠡᠷᠡᠭᠯᠡᠬᠦ ᠳᠤ ᠠᠩᠬᠠᠷᠬᠤ ᠵᠦᠢᠯᠡᠰ ᠢ ᠰᠠᠨᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠪᠣᠯᠣᠨ ᠬᠤᠳᠠᠯᠳᠤᠭᠠᠴᠢᠨ ᠡᠷᠦᠬᠡ ᠶᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠤᠯᠠᠮ ᠴᠢᠨᠠᠭᠰᠢᠳᠠ ᠲᠡᠭᠡᠭᠰᠢᠯᠡᠬᠦᠯᠵᠠᠢ᠃  
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号