︽ᠤᠷᠢᠬᠠᠨ ᠰᠠᠯᠬᠢᠨ ᠤ ᠠᠵᠢᠯᠯᠠᠭ᠎ᠠ︾ ᠪᠠᠷ ᠠᠵᠢᠯ ᠤᠨ ᠪᠠᠶᠢᠷᠢ ᠤᠯᠭᠤᠨ᠎ᠠ
ᠨᠡᠶᠢᠲᠡᠯᠡᠭᠰᠡᠨ ᠴᠠᠭ᠄
2024/3/12
  ᠥᠷᠭᠡᠨ ᠤᠯᠠᠨ ᠮᠠᠯᠴᠢᠨ ᠲᠠᠷᠢᠶᠠᠴᠢᠨ᠂ ᠠᠵᠢᠯ ᠣᠯᠬᠤ ᠳᠤ ᠬᠦᠴᠢᠷᠲᠡᠢ ᠬᠥᠮᠥᠰ ᠤᠨ ᠠᠵᠢᠯ ᠣᠯᠵᠤ ᠦᠢᠯᠡᠰ ᠪᠣᠰᠬᠠᠬᠤ ᠶᠢ ᠣᠨᠣᠪᠴᠢᠲᠠᠢ ᠬᠠᠪᠰᠤᠷᠬᠤ ᠪᠠᠷ᠂ ᠣᠶᠢᠷ᠎ᠠ ᠳᠤ᠂ ᠤᠯᠠᠭᠠᠨᠬᠤᠳᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠭᠡᠭᠡᠨᠰᠦ᠋ᠮ᠎ᠠ ᠪᠠᠯᠭᠠᠰᠤᠨ ᠤ ᠬᠠᠳᠠᠨ ᠠᠷᠤ ᠭᠠᠴᠠᠭ᠎ᠠ ᠳᠤ ᠤᠯᠠᠭᠠᠨᠬᠤᠲᠠ ᠶᠢᠨ ᠬᠤᠩ ᠶᠠᠨ ᠠᠵᠢᠯ ᠤᠨ ᠪᠠᠶᠢᠷᠢ ᠬᠦᠷᠭᠡᠬᠦ ︽ᠤᠷᠢᠬᠠᠨ ᠰᠠᠯᠬᠢᠨ ᠤ ᠠᠵᠢᠯᠯᠠᠭ᠎ᠠ︾ ᠵᠢᠴᠢ  ᠮᠠᠯᠴᠢᠨ ᠲᠠᠷᠢᠶᠠᠴᠢᠨ ᠬᠦᠴᠤ ᠶᠠᠪᠤᠭᠰᠠᠳ ᠢ ᠤᠷᠢᠵᠤ ᠡᠯᠰᠡᠬᠦ ᠲᠤᠰᠬᠠᠢ ᠴᠤᠭᠯᠠᠭᠠᠨ ᠢ ᠡᠷᠬᠢᠯᠡᠪᠡ᠃
     ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠭᠰᠠᠨ 40 ᠠᠵᠤ ᠠᠬᠤᠶᠢᠯᠠᠯ᠂ ᠠᠵᠢᠯ ᠡᠷᠢᠭᠰᠡᠳ ᠲᠤ ᠪᠣᠷᠤᠯᠠᠭᠤᠯᠭ᠎ᠠ᠂ ᠵᠢᠯᠣᠭᠤᠴᠢ᠂ ᠠᠷᠠᠴᠢᠯᠠᠭᠴᠢ ᠵᠡᠷᠭᠡ 20 ᠭᠠᠷᠤᠢ ᠠᠵᠢᠯ ᠲᠦᠷᠦᠯ᠂ 1000 ᠭᠠᠷᠤᠢ ᠠᠵᠢᠯ ᠤᠨ ᠪᠠᠶᠢᠷᠢ ᠬᠠᠩᠭᠠᠵᠠᠢ᠃ ᠠᠵᠢᠯ ᠡᠷᠢᠭᠴᠢ ᠵᠣᠣ ᠱᠤᠸᠠᠢ᠄ ︽ᠪᠢ ᠰᠦᠯᠵᠢᠶᠡᠨ ᠳᠡᠭᠡᠷ᠎ᠡ ᠠᠴᠠ ᠪᠠᠰᠠ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠣᠶᠢᠯᠠᠭᠠᠵᠤ ᠥᠩᠭᠡᠷᠡᠭᠰᠡᠨ᠂ ᠭᠡᠪᠡᠴᠦ ᠵᠠᠷᠢᠮ ᠠᠵᠢᠯ ᠤᠨ ᠪᠠᠶᠢᠷᠢ ᠨᠢ ᠲᠣᠬᠢᠷᠠᠮᠵᠢ ᠦᠭᠡᠢ᠂ ᠵᠠᠷᠢᠮ ᠠᠵᠢᠯ ᠳᠤ ᠭᠠᠷᠬᠤ ᠵᠠᠮ ᠨᠢ ᠳᠡᠩᠳᠡᠭᠦᠦ ᠬᠤᠯᠠ᠂ ᠭᠡᠬᠦ ᠳᠡᠭᠡᠨ ᠡᠨᠡᠬᠦ ᠠᠵᠢᠯ ᠣᠯᠭᠤᠯᠲᠠ ᠶᠢᠨ ᠠᠵᠢᠯᠲᠠᠨ ᠡᠯᠰᠡᠬᠦ ᠲᠠᠪᠴᠠᠩ ᠨᠢ ᠪᠢᠳᠡᠨ ᠢ ᠠᠵᠤ ᠠᠬᠤᠶᠢᠯᠠᠯ  ᠲᠠᠢ ᠨᠢᠭᠤᠷᠲᠠᠨ ᠰᠣᠯᠢᠯᠴᠠᠭᠤᠯᠳᠠᠭ ᠪᠣᠯᠬᠤᠷ ᠠᠵᠢᠯ ᠣᠯᠭᠤᠯᠲᠠ ᠳᠤ ᠦᠨᠡᠬᠡᠷ ᠮᠠᠰᠢ ᠶᠡᠭᠡ ᠬᠠᠪᠰᠤᠷᠤᠮᠵᠢ ᠪᠤᠯᠵᠠᠢ︾ ᠭᠡᠨ᠎ᠠ᠃       ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠳᠠᠭᠠᠭᠤᠯᠬᠤ ᠲᠣᠭᠤᠷᠢᠭ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠭᠠᠷᠭᠠᠵᠤ᠂ ᠠᠵᠢᠯ ᠤᠯᠵᠤ ᠦᠢᠯᠡᠰ ᠪᠤᠰᠬᠠᠬᠤ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠶᠢ ᠪᠥᠬᠦ ᠲᠠᠯ᠎ᠠ ᠪᠠᠷ ᠬᠠᠩᠭᠠᠵᠤ᠂ ᠠᠵᠢᠯ ᠡᠷᠢᠭᠰᠡᠳ ᠢ ᠠᠵᠢᠯ ᠤᠨ ᠪᠠᠶᠢᠷᠢ ᠪᠠᠨ ᠣᠨᠣᠪᠴᠢᠲᠠᠶ ᠵᠣᠯᠭᠠᠭᠤᠯᠬᠤ ᠪᠣᠯᠭᠠᠵᠠᠢ᠃
 ᠤᠯᠠᠭᠠᠨᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠹᠦ᠋ ᠴᠢᠶᠠᠩ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠭᠰᠡᠨ ᠨᠢ ᠥᠷᠭᠡᠨ ᠣᠯᠠᠨ ᠮᠠᠯᠴᠢᠨ ᠲᠠᠷᠢᠶᠠᠴᠢᠨ ᠳᠤ ᠨᠠᠩ ᠣᠯᠠᠨ ᠠᠵᠢᠯ ᠣᠯᠬᠤ ᠲᠣᠬᠢᠶᠠᠯ ᠬᠠᠩᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠪᠠ ᠠᠵᠢᠯᠴᠢᠨ ᠬᠡᠷᠡᠭᠯᠡᠬᠦ ᠪᠠᠶᠢᠭᠤᠯᠭ᠎ᠠ ᠨᠢᠭᠡᠴᠢ ᠶᠢᠨ ᠪᠦᠲᠦᠮᠵᠢᠲᠡᠶ ᠵᠣᠯᠭᠠᠯᠳᠤᠯ ᠢ ᠠᠬᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠭᠠᠴᠢᠭᠳᠠᠯ ᠪᠠ ᠠᠵᠢᠯ ᠣᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠨᠠᠮᠳᠠᠭᠤᠯᠪᠠ ᠭᠡᠵᠡᠢ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号