| ᠥᠷᠭᠡᠨ ᠤᠯᠠᠨ ᠮᠠᠯᠴᠢᠨ ᠲᠠᠷᠢᠶᠠᠴᠢᠨ᠂ ᠠᠵᠢᠯ ᠣᠯᠬᠤ ᠳᠤ ᠬᠦᠴᠢᠷᠲᠡᠢ ᠬᠥᠮᠥᠰ ᠤᠨ ᠠᠵᠢᠯ ᠣᠯᠵᠤ | ᠦᠢᠯᠡᠰ ᠪᠣᠰᠬᠠᠬᠤ ᠶᠢ ᠣᠨᠣᠪᠴᠢᠲᠠᠢ ᠬᠠᠪᠰᠤᠷᠬᠤ ᠪᠠᠷ᠂ ᠣᠶᠢᠷ᠎ᠠ ᠳᠤ᠂ ᠤᠯᠠᠭᠠᠨᠬᠤᠳᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠭᠡᠭᠡᠨᠰᠦ᠋ᠮ᠎ᠠ ᠪᠠᠯᠭᠠᠰᠤᠨ ᠤ ᠬᠠᠳᠠᠨ ᠠᠷᠤ | ᠭᠠᠴᠠᠭ᠎ᠠ ᠳᠤ ᠤᠯᠠᠭᠠᠨᠬᠤᠲᠠ ᠶᠢᠨ ᠬᠤᠩ ᠶᠠᠨ ᠠᠵᠢᠯ ᠤᠨ ᠪᠠᠶᠢᠷᠢ ᠬᠦᠷᠭᠡᠬᠦ ︽ᠤᠷᠢᠬᠠᠨ ᠰᠠᠯᠬᠢᠨ ᠤ ᠠᠵᠢᠯᠯᠠᠭ᠎ᠠ︾ | ᠵᠢᠴᠢ ᠮᠠᠯᠴᠢᠨ ᠲᠠᠷᠢᠶᠠᠴᠢᠨ ᠬᠦᠴᠤ ᠶᠠᠪᠤᠭᠰᠠᠳ ᠢ ᠤᠷᠢᠵᠤ ᠡᠯᠰᠡᠬᠦ ᠲᠤᠰᠬᠠᠢ ᠴᠤᠭᠯᠠᠭᠠᠨ ᠢ ᠡᠷᠬᠢᠯᠡᠪᠡ᠃ | ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠭᠰᠠᠨ 40 ᠠᠵᠤ ᠠᠬᠤᠶᠢᠯᠠᠯ᠂ ᠠᠵᠢᠯ ᠡᠷᠢᠭᠰᠡᠳ ᠲᠤ | ᠪᠣᠷᠤᠯᠠᠭᠤᠯᠭ᠎ᠠ᠂ ᠵᠢᠯᠣᠭᠤᠴᠢ᠂ ᠠᠷᠠᠴᠢᠯᠠᠭᠴᠢ ᠵᠡᠷᠭᠡ 20 ᠭᠠᠷᠤᠢ ᠠᠵᠢᠯ ᠲᠦᠷᠦᠯ᠂ 1000 ᠭᠠᠷᠤᠢ ᠠᠵᠢᠯ ᠤᠨ | ᠪᠠᠶᠢᠷᠢ ᠬᠠᠩᠭᠠᠵᠠᠢ᠃ ᠠᠵᠢᠯ ᠡᠷᠢᠭᠴᠢ ᠵᠣᠣ ᠱᠤᠸᠠᠢ᠄ ︽ᠪᠢ ᠰᠦᠯᠵᠢᠶᠡᠨ ᠳᠡᠭᠡᠷ᠎ᠡ ᠠᠴᠠ ᠪᠠᠰᠠ ᠠᠵᠢᠯ | ᠣᠯᠭᠤᠯᠲᠠ ᠶᠢᠨ ᠮᠡᠳᠡᠭᠡ ᠵᠠᠩᠭᠢ ᠶᠢ ᠣᠶᠢᠯᠠᠭᠠᠵᠤ ᠥᠩᠭᠡᠷᠡᠭᠰᠡᠨ᠂ ᠭᠡᠪᠡᠴᠦ ᠵᠠᠷᠢᠮ ᠠᠵᠢᠯ ᠤᠨ ᠪᠠᠶᠢᠷᠢ ᠨᠢ | ᠲᠣᠬᠢᠷᠠᠮᠵᠢ ᠦᠭᠡᠢ᠂ ᠵᠠᠷᠢᠮ ᠠᠵᠢᠯ ᠳᠤ ᠭᠠᠷᠬᠤ ᠵᠠᠮ ᠨᠢ ᠳᠡᠩᠳᠡᠭᠦᠦ ᠬᠤᠯᠠ᠂ ᠭᠡᠬᠦ ᠳᠡᠭᠡᠨ ᠡᠨᠡᠬᠦ ᠠᠵᠢᠯ | ᠣᠯᠭᠤᠯᠲᠠ ᠶᠢᠨ ᠠᠵᠢᠯᠲᠠᠨ ᠡᠯᠰᠡᠬᠦ ᠲᠠᠪᠴᠠᠩ ᠨᠢ ᠪᠢᠳᠡᠨ ᠢ ᠠᠵᠤ ᠠᠬᠤᠶᠢᠯᠠᠯ ᠲᠠᠢ ᠨᠢᠭᠤᠷᠲᠠᠨ | ᠰᠣᠯᠢᠯᠴᠠᠭᠤᠯᠳᠠᠭ ᠪᠣᠯᠬᠤᠷ ᠠᠵᠢᠯ ᠣᠯᠭᠤᠯᠲᠠ ᠳᠤ ᠦᠨᠡᠬᠡᠷ ᠮᠠᠰᠢ ᠶᠡᠭᠡ ᠬᠠᠪᠰᠤᠷᠤᠮᠵᠢ ᠪᠤᠯᠵᠠᠢ︾ ᠭᠡᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ | ᠳᠠᠭᠠᠭᠤᠯᠬᠤ ᠲᠣᠭᠤᠷᠢᠭ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠲᠣᠭᠤᠷᠢᠭ ᠭᠠᠷᠭᠠᠵᠤ᠂ ᠠᠵᠢᠯ ᠤᠯᠵᠤ ᠦᠢᠯᠡᠰ ᠪᠤᠰᠬᠠᠬᠤ᠂ ᠲᠥᠷᠥ ᠶᠢᠨ ᠪᠣᠳᠣᠯᠭ᠎ᠠ ᠶᠢᠨ | ᠵᠥᠪᠯᠡᠯᠭᠡ ᠥᠭᠬᠦ ᠵᠡᠷᠭᠡ ᠦᠢᠯᠡᠴᠢᠯᠡᠭᠡ ᠶᠢ ᠪᠥᠬᠦ ᠲᠠᠯ᠎ᠠ ᠪᠠᠷ ᠬᠠᠩᠭᠠᠵᠤ᠂ ᠠᠵᠢᠯ ᠡᠷᠢᠭᠰᠡᠳ ᠢ ᠠᠵᠢᠯ ᠤᠨ | ᠪᠠᠶᠢᠷᠢ ᠪᠠᠨ ᠣᠨᠣᠪᠴᠢᠲᠠᠶ ᠵᠣᠯᠭᠠᠭᠤᠯᠬᠤ ᠪᠣᠯᠭᠠᠵᠠᠢ᠃ | ᠤᠯᠠᠭᠠᠨᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ ᠹᠦ᠋ ᠴᠢᠶᠠᠩ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ | ᠠᠵᠢᠯᠲᠠᠨ ᠡᠯᠰᠡᠬᠦ ᠴᠤᠭᠯᠠᠭᠠᠨ ᠢ ᠡᠷᠭᠢᠯᠡᠭᠰᠡᠨ ᠨᠢ ᠥᠷᠭᠡᠨ ᠣᠯᠠᠨ ᠮᠠᠯᠴᠢᠨ ᠲᠠᠷᠢᠶᠠᠴᠢᠨ ᠳᠤ ᠨᠠᠩ ᠣᠯᠠᠨ ᠠᠵᠢᠯ | ᠣᠯᠬᠤ ᠲᠣᠬᠢᠶᠠᠯ ᠬᠠᠩᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠪᠠ ᠠᠵᠢᠯᠴᠢᠨ ᠬᠡᠷᠡᠭᠯᠡᠬᠦ ᠪᠠᠶᠢᠭᠤᠯᠭ᠎ᠠ | ᠨᠢᠭᠡᠴᠢ ᠶᠢᠨ ᠪᠦᠲᠦᠮᠵᠢᠲᠡᠶ ᠵᠣᠯᠭᠠᠯᠳᠤᠯ ᠢ ᠠᠬᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠭᠠᠴᠢᠭᠳᠠᠯ | ᠪᠠ ᠠᠵᠢᠯ ᠣᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠨᠠᠮᠳᠠᠭᠤᠯᠪᠠ ᠭᠡᠵᠡᠢ᠃ |