ᠦᠪᠤᠷ ᠮᠤᠩᠭᠤᠯ ᠤᠨ ᠪᠤᠷᠤᠳᠤᠬᠤᠢ ᠶᠢᠨ ᠠᠷᠢᠬᠢᠨ ᠤᠶᠢᠯᠡᠰ ᠬᠦᠭᠵᠢᠯᠳᠡ ᠶᠢᠨ ᠵᠠᠮ ᠢᠶᠠᠨ ᠡᠯᠬᠦᠯ᠎ᠡ
ᠨᠡᠶᠢᠲᠡᠯᠡᠭᠰᠡᠨ ᠴᠠᠭ᠄
2024/3/14
  ᠤᠶᠢᠷ᠎ᠠ ᠳᠤ᠂ ᠥᠪᠥᠷ ᠮᠣᠩᠭᠤᠯ ᠤᠨ ᠪᠣᠷᠣᠳᠣᠬᠤᠢ ᠠᠷᠢᠬᠢᠨ ᠤ ᠦᠢᠯᠡᠰ ᠤᠨ  ︽ᠬᠢᠩᠭᠠᠨ ᠳᠠᠬᠢ 1947 ᠣᠨ︾  ᠢ ᠵᠠᠬ᠎ᠠ ᠳᠡᠯᠭᠡᠭᠦᠷ ᠲᠤ ᠭᠠᠷᠭᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠮᠵᠢᠯᠲᠠ ᠲᠠᠢ ᠶᠠᠪᠤᠭᠳᠠᠭᠰᠠᠨ ᠨᠢ ᠤᠯᠠᠭᠠᠨᠬᠤᠲᠠ ᠣᠷᠣᠨ ᠤ ᠠᠷᠢᠬᠢᠨ ᠤ ᠦᠢᠯᠡᠰ ᠤᠨ ᠬᠥᠭᠵᠢᠯᠲᠡ ᠳᠠᠬᠢᠨᠲᠠ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃
       ᠬᠢᠩᠭᠠᠨ ᠤ ᠭᠠᠷᠤᠯᠳᠠ ᠶᠢ ᠰᠠᠨᠠᠭ᠎ᠠ ᠠᠮᠤᠷ ᠰᠤᠩᠭᠤᠨ᠎ᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ︽ᠬᠢᠩᠭᠠᠨ 1947︾᠂  ︽ᠬᠢᠩᠭᠠᠨ ᠤᠯᠠᠭᠠᠨ ᠰᠢᠰᠢ ᠶᠢᠨ ᠠᠷᠢᠬᠢ︾ ᠵᠡᠷᠭᠡ ᠰᠢᠷᠢᠰ ᠪᠦᠲᠦᠭᠡᠭᠳᠡᠬᠦᠨ ᠢ ᠠᠩᠬ᠎ᠠ ᠤᠳᠠᠭ᠎ᠠ ᠳᠡᠯᠭᠡᠨ ᠦᠵᠡᠭᠦᠯᠪᠡ᠃ ᠬᠢᠩᠭᠠᠨ ᠠᠶᠢᠮᠠᠭ ᠰᠠᠶᠢᠨ ᠰᠠᠶᠢᠬᠠᠨ ᠠᠮᠢ ᠠᠬᠤᠢ ᠶᠢᠨ ᠡᠬᠢ ᠪᠠᠶᠠᠯᠢᠭ ᠳᠠᠭᠠᠨ ᠲᠦᠰᠢᠭᠯᠡᠨ᠂ ᠤᠯᠠᠮᠵᠢᠯᠠᠯᠲᠤ ᠠᠷᠢᠬᠢ ᠨᠡᠷᠡᠬᠦ ᠤᠷ᠎ᠠ ᠮᠡᠷᠭᠡᠵᠢᠯ ᠪᠣᠯᠣᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠣᠷᠭᠠᠨᠢᠭ ᠠᠭᠤᠰᠤᠯᠴᠠᠯ ᠪᠤᠯᠤᠨ ᠪᠣᠷᠣᠳᠣᠬᠤᠢ  ᠠᠷᠢᠬᠢᠨ ᠤ ᠦᠢᠯᠡᠰ ᠤᠨ ᠰᠢᠷᠢᠰ ᠰᠢᠨ᠎ᠡ ᠪᠦᠲᠦᠭᠡᠭᠳᠡᠬᠦᠨ ᠢᠶᠠᠷ ᠤᠯᠠᠨ ᠤ ᠠᠩᠬᠠᠷᠤᠯ ᠢ ᠲᠠᠲᠠᠨ᠎ᠠ᠃
       ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠪᠠ ᠨᠡᠶᠢᠭᠡᠮ ᠤᠨ ᠶᠡᠭᠡ ᠣᠷᠴᠢᠨ ᠲᠣᠭᠤᠷᠢᠨ ᠤ ᠨᠥᠯᠥᠭᠡᠯᠡᠯ ᠠᠴᠠ ᠪᠣᠯᠵᠤ᠂ ᠥᠪᠥᠷ ᠮᠣᠩᠭᠤᠯ ᠤᠨ ᠪᠣᠷᠣᠳᠣᠬᠤᠢ ᠠᠷᠢᠬᠢᠨ ᠤ ᠦᠢᠯᠡᠰ ᠤᠨ ᠪᠦᠯᠦᠭᠯᠡᠯ ᠤᠨ ᠤᠯᠠᠭᠠᠨᠬᠤᠲᠠ ᠳᠠᠬᠢ ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ ᠨᠢᠭᠡᠨᠲᠡ 8 ᠵᠢᠯ ᠤᠤᠯ ᠤᠨ ᠠᠷᠢᠬᠢ ᠪᠠᠨ ᠦᠢᠯᠡᠳᠪᠦᠷᠢᠯᠡᠭᠰᠡᠨ ᠦᠭᠡᠢ᠃ 2023 ᠣᠨ ᠳᠤ᠂ ᠤᠯᠠᠭᠠᠨᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠ ᠴᠥᠬᠦᠷᠡᠰᠢ ᠦᠭᠡᠢ ᠴᠢᠷᠮᠠᠶᠢᠯᠭ᠎ᠠ ᠳᠣᠣᠷ᠎ᠠ᠂ ᠡᠴᠦᠰ ᠲᠡᠭᠡᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠵᠦ᠂ ᠪᠡᠯᠡᠨ ᠠᠷᠢᠬᠢᠨ ᠤ ᠦᠢᠯᠡᠳᠪᠦᠷᠢᠯᠡᠯ  ᠢᠶᠠᠨ ᠳᠠᠬᠢᠨ ᠡᠬᠢᠯᠡᠭᠦᠯᠪᠡ᠃  
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号