ᠬᠢᠴᠢᠶᠡ︕ ᠡᠶᠢᠮᠦ  ᠪᠣᠳᠠᠰ ᠨᠢ ᠵᠢᠷᠦᠬᠡᠨ ᠡᠪᠡᠳᠴᠢᠨ ᠳᠤ ᠨᠡᠷᠪᠡᠭᠳᠡᠬᠦ ᠲᠦᠭᠰᠢᠬᠦᠷᠢ ᠶᠢ ᠨᠡᠮᠡᠭᠳᠡᠭᠦᠯᠵᠦ ᠮᠡᠳᠡᠨ᠎ᠡ︕ ᠲᠡᠷᠡ ᠨᠢ ᠠᠮᠢᠰᠬᠤᠯ ᠢᠶᠠᠷ ᠳᠠᠮᠵᠢᠨ ᠬᠥᠮᠦᠨ ᠤ ᠪᠡᠶ᠎ᠡ ᠳᠤ ᠣᠷᠣᠳᠠᠭ
ᠨᠡᠶᠢᠲᠡᠯᠡᠭᠰᠡᠨ ᠴᠠᠭ᠄
2024/3/14
     ᠣᠶᠢᠷ᠎ᠠ ᠳᠤ ᠠᠮᠧᠷᠢᠺᠠ ᠶᠢᠨ ︽ᠰᠢᠨ᠎ᠡ ᠢᠩᠭ᠍ᠯᠠᠨᠳ᠋ ᠤᠨ ᠠᠨᠠᠭᠠᠬᠤ ᠤᠬᠠᠭᠠᠨ ᠤ  ᠰᠡᠳᠬᠦᠯ︾  ᠳᠡᠭᠡᠷ᠎ᠡ  ᠨᠡᠶᠢᠲᠡᠯᠡᠭᠰᠡᠨ ᠨᠢᠭᠡᠨ ᠰᠢᠨ᠎ᠡ ᠰᠤᠳᠤᠯᠭᠠᠨ ᠠᠴᠠ ᠦᠵᠡᠪᠡᠯ᠂ ᠬᠥᠮᠦᠨ ᠤ ᠪᠡᠶ᠎ᠡ ᠳᠤ ᠤᠷᠤᠭᠰᠠᠨ ᠪᠢᠴᠢᠯ ᠰᠦᠯᠢᠶᠣᠣ ᠨᠢ ᠯᠤᠭᠰᠢᠭᠤᠨ ᠰᠤᠳᠠᠯ ᠳᠣᠲᠣᠷ᠎ᠠ ᠬᠤᠷᠠᠵᠤ ᠴᠤᠭᠯᠠᠷᠠᠳᠠᠭ᠂ ᠡᠨᠡ ᠨᠢ ᠵᠢᠷᠦᠬᠡᠨ ᠡᠪᠡᠳᠴᠢᠨ᠂ ᠰᠠ ᠡᠪᠡᠳᠴᠢᠨ ᠵᠡᠷᠭᠡ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠵᠦ‌ᠮᠡᠳᠡᠨ᠎ᠡ᠃              ᠣᠶᠢᠯᠠᠭᠠᠭᠰᠠᠨ ᠢᠶᠠᠷ᠂  ᠪᠢᠴᠢᠯ  ᠰᠦᠯᠢᠶᠣᠣ  ᠭᠡᠳᠡᠭ ᠨᠢ  ᠶᠡᠷᠦ ᠳᠡᠭᠡᠨ ᠮᠥᠬᠦᠯᠢᠭ ᠤᠨ ᠳ᠋ᠢᠶᠠᠮᠧᠲᠷ ᠨᠢ 5 ᠮᠢᠯᠢᠮᠧᠲᠷ ᠠᠴᠠ ᠪᠠᠭ᠎ᠠ ᠰᠦᠯᠢᠶᠣᠣ ᠮᠥᠬᠦᠯᠢᠭ ᠢ ᠵᠢᠭᠠᠵᠤ ᠪᠤᠢ᠂ ᠲᠡᠷᠡ ᠨᠢ ᠢᠳᠡᠭᠡᠨ ᠪᠤᠶᠤ ᠠᠮᠢᠰᠬᠤᠯ ᠢᠶᠠᠷ ᠳᠡᠮᠵᠢᠨ ᠬᠥᠮᠦᠨ ᠤ ᠪᠡᠶ᠎ᠡ ᠳᠤ ᠣᠷᠣᠳᠠᠭ᠃ ᠰᠤᠳᠤᠯᠭᠠᠨ ᠤ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ 58% ᠶᠢᠨ ᠰᠤᠳᠤᠯᠤᠭᠳᠠᠬᠤ ᠡᠲᠡᠭᠡᠳ ᠤᠨ ᠬᠦᠵᠦᠭᠦᠨ ᠯᠤᠭᠰᠢᠭᠤᠨ ᠰᠤᠳᠠᠯ ᠤᠨ ᠲᠣᠯᠪᠤ ᠶᠢᠨ ᠬᠡᠰᠡᠭ ᠠᠴᠠ ᠪᠥᠭᠡᠭᠡᠨᠡᠷᠡᠯ ᠡᠲ᠋ᠧᠨ ᠤ ᠤᠯᠠ ᠮᠦᠷ ᠢ ᠪᠠᠶᠢᠴᠠᠭᠠᠨ  ᠤᠯᠵᠠᠢ᠂ᠡᠨᠡ ᠬᠦ ᠪᠥᠭᠡᠭᠡᠨᠡᠷᠡᠯ ᠡᠲ᠋ᠧᠨ ᠪᠣᠯ ᠦᠷᠭᠦᠯᠵᠢ ᠬᠠᠷᠠᠭᠳᠠᠳᠠᠭ ᠰᠦᠯᠢᠶᠣᠣ ᠪᠣᠯᠤᠨ᠎ᠠ᠃ ᠡᠭᠦᠨ ᠠᠴᠠ ᠭᠠᠳᠠᠨ᠎ᠠ᠂ 12% ᠤᠨ ᠰᠤᠳᠤᠯᠤᠭᠳᠠᠬᠤ ᠡᠲᠡᠭᠡᠳ ᠤᠨ ᠬᠦᠵᠦᠭᠦᠨ ᠤ ᠯᠤᠭᠰᠢᠭᠤᠨ ᠰᠤᠳᠠᠯ ᠤᠨ ᠲᠣᠯᠪᠤ ᠶᠢᠨ ᠬᠡᠰᠡᠭ ᠠᠴᠠ  ᠪᠥᠭᠡᠭᠡᠨᠡᠷᠡᠯ ᠾᠯᠤᠷᠤ᠋‌ᠡᠲ᠋ᠧᠨ ᠤ ᠤᠯᠠ ᠮᠦᠷ ᠢ ᠪᠠᠶᠢᠴᠠᠭᠠᠨ ᠤᠯᠵᠠᠢ᠂ ᠡᠨᠡ ᠨᠢ ᠥᠭᠡᠷ᠎ᠡ ᠨᠢᠭᠡ ᠵᠦᠢᠯ ᠤᠨ ᠦᠷᠭᠦᠯᠵᠢ ᠬᠠᠷᠠᠭᠳᠠᠳᠠᠭ  ᠰᠦᠯᠢᠶᠣᠣ ᠪᠣᠯᠤᠨ᠎ᠠ᠃ ᠪᠦᠷᠢᠳᠬᠡᠯ ᠤᠨ ᠵᠠᠳᠠᠯᠤᠯᠲᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠬᠦᠵᠦᠭᠦᠨ ᠯᠤᠭᠰᠢᠭᠤᠨ ᠰᠤᠳᠠᠯ ᠤᠨ ᠲᠣᠯᠪᠤ ᠶᠢᠨ ᠬᠡᠰᠡᠭ ᠠᠴᠠ ᠰᠦᠯᠢᠶᠣᠣ ᠶᠢ ᠪᠠᠶᠢᠴᠠᠭᠠᠵᠤ ᠣᠯᠤᠭᠰᠠᠨ ᠦᠭᠡᠢ ᠬᠥᠮᠦᠨ ᠢ ᠪᠤᠳᠤᠪᠠᠯ᠂ ᠬᠦᠵᠦᠭᠦᠨ ᠤ ᠯᠤᠭᠰᠢᠭᠤᠨ ᠰᠤᠳᠠᠯ ᠤᠨ ᠲᠣᠯᠪᠤ ᠶᠢᠨ ᠬᠡᠰᠡᠭ ᠲᠤ  ᠪᠢᠴᠢᠯ ᠰᠦᠯᠢᠶᠣᠣ ᠪᠤᠶᠤ ᠮᠥᠬᠦᠯᠢᠭ ᠤᠨ ᠳ᠋ᠢᠶᠠᠮᠧᠲᠷ ᠨᠢ ᠨᠡᠩ ᠪᠠᠭ᠎ᠠ ᠨᠠᠨᠤᠮᠧᠲᠷ ᠰᠦᠯᠢᠶᠣᠣ ᠪᠠᠶᠢᠬᠤ ᠬᠥᠮᠦᠨ ᠨᠢ ᠵᠢᠷᠦᠬᠡᠨ ᠡᠪᠡᠳᠴᠢᠨ᠂ ᠰᠠ ᠡᠪᠡᠳᠴᠢᠨ ᠳᠤ ᠨᠡᠷᠪᠡᠭᠳᠡᠬᠦ ᠪᠤᠶᠤ ᠦᠬᠦᠬᠦ ᠲᠦᠭᠰᠢᠬᠦᠷᠢ   ᠪᠠᠷ ᠬᠡᠳᠦᠨ ᠳᠠᠬᠢᠨ ᠥᠨᠳᠥᠷ ᠶᠤᠮ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号