︽X ᠡᠪᠡᠳᠴᠢᠨ︾ ᠭᠡᠨᠡᠳᠲᠡ ᠡᠭᠦᠰᠬᠦ ᠪᠣᠯᠤᠯᠴᠠᠭ᠎ᠠ ᠲᠠᠢ ᠤᠤ︖ ᠬᠠᠷᠢᠭᠤ ᠦᠭᠪᠡ
ᠨᠡᠶᠢᠲᠡᠯᠡᠭᠰᠡᠨ ᠴᠠᠭ᠄
2024/3/14
     ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶ ᠠᠵᠢᠯᠯᠠᠭᠴᠢ  ᠲᠧᠳ᠋ᠷᠤᠰ  ᠤᠷᠴᠢᠮᠬᠠᠨ ︽X ᠡᠪᠡᠳᠴᠢᠨ︾ ᠭᠡᠨᠡᠳᠲᠡ ᠡᠭᠦᠰᠬᠦ ᠪᠣᠯᠣᠯᠴᠠᠭ᠎ᠠ ᠶᠢᠨ ᠲᠤᠬᠠᠶ ᠰᠡᠷᠡᠮᠵᠢ ᠦᠭᠭᠦ ᠳᠡᠭᠡᠨ᠂ ᠰᠢᠨ᠎ᠡ ᠡᠪᠡᠳᠴᠢᠨ ᠡᠭᠦᠰᠭᠡᠭᠴᠢ ᠪᠠ ᠬᠠᠯᠳᠠᠪᠤᠷᠢᠲᠤ ᠡᠪᠡᠳᠴᠢᠨ ᠭᠡᠨᠡᠳᠲᠡ ᠡᠭᠦᠰᠬᠦ ᠨᠢ ︽ᠵᠥᠪᠬᠡᠨ ᠴᠠᠭ ᠤᠨ ᠠᠰᠠᠭᠤᠳᠠᠯ ᠪᠣᠯᠬᠤ ᠠᠴᠠ ᠪᠢᠰᠢ᠂ ᠬᠠᠷᠢᠨ ᠭᠡᠨᠡᠳᠲᠡ ᠡᠭᠦᠰᠬᠦ ᠡᠰᠡᠬᠦ ᠠᠰᠠᠭᠤᠳᠠᠯ  ᠪᠢᠰᠢ ᠶᠤᠮ︾ ᠭᠡᠵᠦ ᠬᠡᠯᠡᠪᠡ᠃ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶᠠᠨ ᠤ ᠳᠠᠷᠤᠭ᠎ᠠ  ᠸᠠᠩ ᠾᠧ ᠱᠧᠩ 9 ᠤ ᠡᠳᠦᠷ ᠪᠡᠭᠡᠵᠢᠩ ᠳᠤ ᠬᠡᠯᠡᠬᠦ ᠳᠡᠭᠡᠨ᠂ ᠬᠡᠳᠦ᠋ᠢᠪᠡᠷ ︽X ᠡᠪᠡᠳᠴᠢᠨ︾ ᠡᠭᠦᠰᠬᠦ ᠠᠴᠠ ᠵᠠᠶᠢᠯᠠᠰᠬᠢᠬᠦ ᠳᠤ ᠪᠡᠷᠭᠡᠳᠡᠢ ᠪᠣᠯᠪᠠᠴᠤ ᠡᠭᠦᠨ ᠠᠴᠠ ᠪᠣᠯᠤᠭᠰᠠᠨ ᠶᠡᠭᠡ ᠪᠠᠷ ᠲᠡᠯᠭᠡᠷᠡᠬᠦ ᠶᠠᠪᠤᠳᠠᠯ ᠢ ᠰᠡᠷᠭᠡᠶᠢᠯᠡᠨ ᠠᠷᠭᠠᠴᠠᠭᠠᠵᠤ ᠪᠣᠯᠬᠤ ᠶᠤᠮ ᠭᠡᠵᠡᠶ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号